ᠠᠷᠠᠳ ᠲᠤ ᠠᠰᠢᠭ ᠬᠦᠷᠲᠡᠭᠡᠬᠦ ᠨᠦᠬᠦᠪᠦᠷᠢ ᠮᠦᠩᠭᠦ ᠶᠢ 7.75 ᠳ᠋ᠦᠩᠰᠢᠭᠤᠷ ᠲᠦᠭᠦᠷᠢᠭ ᠲᠠᠷᠬᠠᠭᠠᠵᠠᠢ
ᠨᠡᠶᠢᠲᠡᠯᠡᠭᠰᠡᠨ ᠴᠠᠭ᠄
2024/9/4
     ᠣᠶᠢᠷ᠎ᠠ ᠶᠢᠨ ᠵᠢᠯ ᠳᠤ᠂ ᠬᠢᠩᠭᠠᠨ ᠠᠶᠢᠮᠠᠭ ᠤᠨ ᠵᠠᠯᠠᠶᠢᠳ ᠬᠤᠰᠢᠭᠤ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠪᠦᠷᠢᠨ ᠴᠢᠳᠠᠮᠵᠢᠳᠦ ᠺᠠᠷᠲ︾ ᠤᠨ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠦ᠂ ᠪᠠᠩᠬᠢ ᠶᠢᠨ ᠺᠠᠷᠲ ᠪᠤᠯᠤᠨ ᠨᠡᠶᠢᠭᠡᠮ ᠤᠨ ᠪᠠᠳᠤᠯᠠᠪᠤᠷᠢ ᠶᠢᠨ ᠺᠠᠷᠲ ᠢ ᠨᠢᠭᠡᠳᠭᠡᠨ᠂ ᠤᠯᠠᠨ ᠲᠦᠮᠡᠨ ᠳᠤ ᠲᠦᠬᠦᠮ ᠦᠵᠡᠭᠦᠯᠦᠭᠰᠡᠨ ᠪᠠᠶᠢᠨ᠎ᠠ᠃      ᠵᠠᠯᠠᠶᠢᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠡᠶᠢᠭᠡᠮ ᠤᠨ ᠪᠠᠳᠤᠯᠠᠪᠤᠷᠢ ᠶᠢᠨ ᠺᠠᠷᠲ ᠲᠠᠷᠬᠠᠭᠠᠬᠤ ᠬᠤᠰᠢᠭᠤᠨ ᠳᠣᠲᠣᠷᠠᠬᠢ 8 ᠪᠠᠩᠬᠢ ᠲᠠᠢ ᠵᠦᠪᠳᠡᠯᠴᠡᠨ᠂ ᠣᠯᠠᠨ ᠲᠦᠮᠡᠨ ᠤ ᠺᠠᠷᠲ ᠰᠣᠯᠢᠬᠤ ᠬᠡᠷᠡᠭᠴᠡᠭᠡ ᠶᠢ ᠭᠦᠢᠴᠡᠳ ᠬᠠᠩᠭᠠᠬᠰᠠᠨ ᠪᠦᠭᠡᠳ ᠨᠠᠮ ᠤᠨ ᠭᠡᠰᠢᠬᠦᠨ ᠺᠠᠳ᠋ᠷᠴᠤᠳ ᠬᠥᠳᠡᠯᠵᠦ ᠪᠠᠷᠢᠬᠤ ᠳᠤ ᠳᠥᠭᠦᠮ ᠦᠭᠡᠢ ᠤᠯᠠᠨ ᠲᠦᠮᠡᠨ ᠤ ᠭᠡᠷ ᠲᠤᠨᠢ ᠬᠦᠷᠴᠦ ᠦᠢᠯᠡᠴᠢᠯᠡᠪᠡ᠃      ︽ᠪᠢ ᠨᠠᠰᠤ ᠠᠬᠠᠰᠢᠷᠠᠭᠠᠳ ᠭᠠᠳᠠᠭᠰᠢ ᠭᠠᠷᠬᠤ ᠳᠤ ᠳᠥᠭᠦᠮ ᠦᠭᠡᠶ ᠪᠤᠯᠵᠠᠢ᠂ ᠬᠡᠦᠬᠡᠳ ᠤᠳ ᠪᠠᠰᠠ ᠭᠠᠳᠠᠷ ᠭᠠᠵᠠᠷ ᠬᠥᠯᠥᠰᠥᠨ ᠠᠵᠢᠯ ᠬᠢᠵᠦ ᠪᠠᠶᠢᠭ᠎ᠠ ᠪᠣᠯᠬᠤᠷ ᠨᠡᠶᠢᠭᠡᠮ ᠤᠨ ᠪᠠᠳᠤᠯᠠᠪᠤᠷᠢ ᠶᠢᠨ ᠺᠠᠷᠲ ᠢᠶᠠᠨ ᠬᠡᠷᠡᠭᠯᠡᠭᠡ ᠦᠭᠡᠢ ᠪᠠᠶᠢᠭᠰᠠᠭᠠᠷ᠃ ᠡᠭᠦᠨ ᠳᠤ ᠨᠠᠮ ᠵᠠᠰᠠᠭ ᠠᠴᠠ ᠲᠤᠮᠢᠯᠠᠬᠰᠠᠨ ᠲᠤᠰᠬᠠᠢ ᠠᠵᠢᠯᠳᠡᠳ ᠭᠡᠷ ᠲᠤ ᠢᠷᠡᠵᠦ ᠨᠡᠶᠢᠭᠡᠮ ᠤᠨ ᠪᠠᠳᠤᠯᠠᠪᠤᠷᠢ ᠶᠢᠨ ᠺᠠᠷᠲ ᠬᠦᠢᠴᠡᠳᠭᠡᠵᠦ ᠦᠭᠬᠦᠭᠰᠡᠨ ᠪᠠᠶᠢᠨ᠎ᠠ︾ ᠭᠡᠵᠦ ᠪᠠᠶ᠋ᠬᠠᠤᠯᠠᠭᠠᠨ ᠰᠤᠮᠦ ᠶᠢᠨ ᠪᠠᠶ᠋ᠬᠠᠤᠯᠠᠭᠠᠨ ᠭᠠᠴᠠᠭᠠᠨ ᠤ ᠪᠤᠤ ᠲᠢᠶᠧ ᠵᠤ᠋ ᠪᠠᠶᠠᠷᠯᠠᠨ ᠬᠡᠯᠡᠨ᠎ᠠ᠃      ︽ᠪᠦᠷᠢᠨ ᠴᠢᠳᠠᠮᠵᠢᠳᠦ ᠺᠠᠷᠲ︾ ᠢ ᠬᠡᠷᠡᠭᠯᠡᠬᠦ ᠶᠠᠪᠤᠴᠠ ᠳᠤ ᠵᠠᠯᠠᠶᠢᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠠᠰᠠ ᠨᠥᠬᠦᠪᠥᠷᠢ ᠮᠦᠩᠬᠦ ᠶᠢ ᠬᠠᠮᠢᠶᠠᠷᠬᠤ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ᠂ ᠣᠷᠣᠯᠠᠨ ᠲᠠᠷᠬᠠᠭᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠨᠢᠭᠡᠳᠦᠯᠲᠡᠶ ᠲᠤᠬᠢᠷᠠᠭᠤᠯᠵᠦ᠂ ᠨᠡᠶᠢᠭᠡᠮ ᠤᠨ ᠪᠠᠳᠤᠯᠠᠪᠤᠷᠢ ᠶᠢᠨ ᠺᠠᠷᠲ ᠤᠨ ᠳᠡᠩᠰᠡᠯᠡᠯᠲᠡ ᠶᠢᠨ ᠶᠠᠪᠤᠴᠠ ᠳᠠᠬᠢ ᠨᠡᠶᠢᠳᠡᠮ ᠤᠨ ᠴᠢᠨᠠᠷᠲᠠᠶ ᠠᠰᠠᠭᠤᠳᠠᠯ ᠢ ᠡᠮᠬᠢᠯᠡᠨ ᠳᠢᠭᠯᠡᠵᠦ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ ᠪᠥᠬᠦ ᠬᠦᠴᠦᠨ ᠢᠶᠠᠷ ᠢᠶᠠᠨ ᠰᠠᠶᠢᠳᠤᠷ ᠰᠶᠢᠳᠪᠦᠷᠢᠯᠡᠵᠠᠢ᠃      ᠤᠶᠢᠯᠠᠭᠠᠯᠳᠠ ᠪᠠᠷ 8 ᠰᠠᠷ᠎ᠠ ᠶᠢᠨ ᠳᠤᠮᠳᠠᠴᠢ ᠪᠣᠯᠲᠠᠯ᠎ᠠ᠂ ᠵᠠᠯᠠᠶᠢᠳ ᠬᠤᠰᠢᠭᠤ ᠨᠡᠶᠢᠭᠡᠮ ᠤᠨ ᠪᠠᠳᠤᠯᠠᠪᠤᠷᠢ ᠶᠢᠨ ᠺᠠᠷᠲ ᠢ 114370 ᠬᠤᠪᠢ ᠲᠠᠩᠰᠠᠯᠠᠨ ᠲᠡᠮᠳᠡᠭᠯᠡᠵᠦ᠂ ᠳᠠᠩᠰᠠᠯᠠᠭᠤᠯᠤᠭᠰᠠᠨ ᠨᠣᠷᠮ᠎ᠠ ᠶᠢ 97.84% ᠳᠤ ᠬᠦᠷᠭᠡᠵᠠᠢ᠃ ᠡᠨᠡ ᠵᠢᠯ ᠵᠠᠯᠠᠶᠢᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠠᠰᠠ ᠨᠢᠭᠡᠨᠲᠡ ︽ᠪᠦᠷᠢᠨ ᠴᠢᠳᠠᠮᠵᠢᠳᠦ ᠺᠠᠷᠲ︾ ᠢᠶᠠᠷ ᠠᠷᠠᠳ ᠲᠤ ᠠᠰᠢᠭ ᠬᠦᠷᠲᠡᠭᠡᠬᠦ ᠨᠥᠬᠦᠪᠥᠷᠢ ᠮᠥᠩᠭᠦ ᠶᠢ 7.75 ᠳ᠋ᠦᠩᠰᠢᠭᠤᠷ ᠲᠥᠭᠦᠷᠢᠭ ᠲᠠᠷᠬᠠᠭᠠᠵᠤ᠂ ᠲᠠᠷᠢᠶᠠᠨ ᠭᠠᠵᠠᠷ ᠢ ᠬᠠᠮᠠᠭᠠᠯᠠᠬᠤ ᠨᠥᠬᠦᠪᠥᠷᠢ᠂ ᠬᠠᠷ᠎ᠠ ᠬᠥᠷᠥᠰᠥ ᠶᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠨᠥᠬᠦᠪᠥᠷᠢ᠂ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠥᠷᠢ᠂ ᠠᠮᠤ ᠪᠤᠳᠠᠭ᠎ᠠ ᠳᠠᠷᠢᠬᠤ ᠶᠢ ᠲᠡᠵᠢᠭᠡᠯ ᠪᠣᠷᠳᠤᠭ᠎ᠠ ᠳᠠᠷᠢᠬᠤ ᠪᠣᠯᠭᠠᠨ ᠥᠭᠡᠷᠡᠴᠢᠯᠡᠬᠦ ᠨᠥᠬᠦᠪᠥᠷᠢ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠨᠥᠬᠦᠪᠥᠷᠢ᠂ ᠮᠠᠯᠵᠢᠬᠤ ᠲᠠᠷᠢᠶᠠᠯᠠᠬᠤ ᠤᠷᠤᠨ ᠤ ᠬᠠᠮᠤᠭ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠨᠦᠬᠦᠪᠦᠷᠢ ᠵᠢᠴᠢ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠨᠦᠬᠦᠪᠦᠷᠢ ᠵᠡᠷᠭᠡ 8 ᠬᠦᠷᠢᠶᠡᠨ ᠤ 35 ᠲᠦᠷᠦᠯ ᠵᠦᠢᠯ ᠲᠠᠢ ᠬᠤᠯᠪᠤᠭᠳᠠᠭᠤᠯᠵᠦ᠂ 88.6 ᠲᠦᠮᠡ ᠭᠠᠷᠤᠢ ᠬᠦᠮᠦᠨ ︵ᠤᠳᠠᠭ᠎ᠠ︶ ᠳᠤ ᠠᠰᠢᠭ ᠬᠦᠷᠳᠡᠭᠡᠵᠠᠢ᠃ ︵ᠪᠤᠶᠠᠨ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号