ᠪᠠᠷᠤᠭ 110 ᠳ᠋ᠦᠩᠰᠢᠭᠤᠷ ᠬᠥᠮᠥᠨ ᠤᠳᠠᠭ᠎ᠠ︕
ᠨᠡᠶᠢᠲᠡᠯᠡᠭᠰᠡᠨ ᠴᠠᠭ᠄
2024/9/4
     ᠵᠠᠮ ᠲᠡᠭᠡᠭᠡᠪᠦᠷᠢ ᠶᠢᠨ ᠶᠠᠮᠤᠨ ᠤ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 7 ᠰᠠᠷ᠎ᠠ ᠶᠢᠨ 1 ᠤ ᠡᠳᠦᠷ ᠠᠴᠠ 8 ᠰᠠᠷ᠎ᠠ ᠶᠢᠨ 31 ᠤ ᠡᠳᠦᠷ ᠪᠣᠯᠲᠠᠯ᠎ᠠ᠂ ᠣᠷᠣᠨ ᠪᠦᠰᠡ ᠠᠯᠤᠰᠯᠠᠭᠰᠠᠨ ᠰᠢᠯᠵᠢᠯᠲᠡ ᠪᠠᠷᠤᠭ 109.17 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠡᠳᠦᠷ ᠳᠤᠮᠳᠠᠴᠢ ᠪᠠᠷ 1.76 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠵᠡᠢ᠃      ᠲᠤᠭ᠎ᠠ ᠪᠠᠷᠢᠮᠲᠠ ᠠᠴᠠ ᠦᠵᠡᠪᠡᠯ᠂ ᠵᠤᠨ ᠤ ᠠᠮᠠᠷᠠᠯᠲᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ︵7 ᠰᠠᠷ᠎ᠠ ᠶᠢᠨ 1 ᠤ ᠡᠳᠦᠷ ᠠᠴᠠ 8 ᠰᠠᠷ᠎ᠠ ᠶᠢᠨ 31 ᠤ ᠡᠳᠦᠷ ᠪᠣᠯᠲᠠᠯ᠎ᠠ︶ ᠵᠠᠰᠠᠮᠠᠯ ᠵᠠᠮ ᠢᠶᠠᠷ ᠦᠩᠬᠡᠷᠡᠭᠰᠡᠨ ᠠᠶᠠᠨᠴᠢᠳ ᠵᠠᠭᠤᠨ ᠳ᠋ᠦᠩᠰᠢᠭᠤᠷ ᠭᠠᠷᠤᠢ ᠬᠥᠮᠥᠨ ᠤᠳᠠᠭ᠎ᠠ ᠳᠤ ᠬᠦᠷᠴᠦ᠂ ᠲᠡᠮᠦᠷ ᠵᠠᠮ ᠢᠶᠠᠷ ᠦᠩᠬᠡᠷᠡᠭᠰᠡᠨ ᠠᠶᠠᠨᠴᠢᠳ 9 ᠳ᠋ᠦᠩᠰᠢᠭᠤᠷ ᠰᠢᠬᠠᠮ ᠬᠥᠮᠥᠨ ᠤᠳᠠᠭ᠎ᠠ ᠳᠤ ᠬᠦᠷᠴᠦ᠂ ᠠᠷᠠᠳ ᠤᠨ ᠠᠭᠠᠷ ᠤᠨ ᠲᠡᠭᠡᠭᠡᠪᠦᠷᠢ ᠶᠢᠨ ᠵᠦᠬᠡᠬᠡᠪᠤᠷᠢᠯᠡᠭᠰᠡᠨ ᠠᠶᠠᠨᠴᠢᠨ 1.4 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠤᠰᠤᠨ ᠵᠠᠮ ᠢᠶᠠᠷ ᠦᠩᠬᠡᠷᠡᠭᠰᠡᠨ ᠠᠶᠠᠨᠴᠢᠨ 6300 ᠲᠦᠮᠡᠨ ᠬᠥᠮᠥᠨ ᠤᠳᠠᠭ᠎ᠠ ᠳᠤ ᠬᠦᠷᠴᠦ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠵᠤᠨ ᠤ ᠠᠮᠠᠷᠠᠯᠲᠠ ᠶᠢᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠴᠥᠮ ᠲᠡᠦᠬᠡᠨ ᠰᠢᠨ᠎ᠡ ᠲᠡᠮᠳᠡᠭᠯᠡᠯ ᠢ ᠡᠭᠦᠳᠪᠡ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号