| | ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ | ᠬᠡᠯᠲᠡᠰ ᠠᠴᠠ ᠪᠥᠬᠦ ᠣᠷᠣᠨ ᠤ 2024 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ | ᠰᠢᠨ᠎ᠡ ᠶᠢ ᠡᠭᠦᠳᠦᠭᠰᠡᠨ ᠰᠢᠯᠢᠳᠡᠭ ᠬᠡᠷᠡᠭ ᠤᠨ ᠵᠢᠱᠢᠶ᠎ᠡ ᠶᠢᠨ ᠨᠡᠷᠡᠰ ᠢ ᠨᠡᠶᠢᠲᠡᠯᠡᠪᠡ᠃ ᠠᠩᠬ᠎ᠠ ᠠᠯᠬᠤᠮ ᠤᠨ ᠰᠢᠯᠢᠨ | ᠰᠣᠩᠭᠤᠯᠲᠠ᠂ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ ᠪᠠᠷ ᠳᠡᠮᠵᠢᠨ᠂ ᠪᠥᠬᠦ ᠣᠷᠣᠨ ᠤ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠶᠢ | ᠡᠭᠦᠳᠦᠭᠰᠡᠨ ᠰᠢᠯᠢᠳᠡᠭ ᠬᠡᠷᠡᠭ ᠤᠨ ᠵᠢᠱᠢᠶ᠎ᠡ ᠶᠢ ᠨᠡᠶᠢᠲᠡ 40 ᠰᠢᠯᠭᠠᠷᠠᠭᠤᠯᠤᠨ ᠭᠠᠷᠭᠠᠪᠠ᠃ ᠡᠭᠦᠨ ᠳᠤ᠂ ᠵᠠᠯᠠᠶᠢᠳ | ᠬᠤᠰᠢᠭᠤᠨ ᠤ ︽ᠪᠥᠬᠦ ᠠᠷᠠᠳ ᠤᠨ ︿ᠭᠠᠴᠠᠭ᠎ᠠ ᠲᠣᠰᠬᠤᠨ ᠤ TV﹀ ᠪᠤᠯᠪᠠᠰᠤᠨ ᠤ ᠠᠶᠠᠯᠭᠤ ᠶᠢ | ᠬᠠᠩᠬᠢᠨᠠᠭᠤᠯᠤᠶᠠ︾ ᠭᠡᠬᠦ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠴᠣᠯᠭᠤᠷᠠᠨ ᠭᠠᠷᠴᠤ᠂ ᠰᠢᠨ᠎ᠡ ᠶᠢ | ᠡᠭᠦᠳᠦᠭᠰᠡᠨ ᠰᠢᠯᠢᠳᠡᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ | ︽ᠪᠥᠬᠦ ᠠᠷᠠᠳ ᠤᠨ ︿ᠭᠠᠴᠠᠭ᠎ᠠ ᠲᠣᠰᠬᠤᠨ ᠤ TV﹀ ᠪᠣᠯᠪᠠᠰᠤᠨ ᠤ ᠠᠶᠠᠯᠭᠤ ᠶᠢ ᠬᠠᠩᠭᠢᠨᠠᠭᠤᠯᠤᠶ᠎ᠠ︾ | ᠭᠡᠬᠦ ᠬᠡᠷᠡᠭ ᠤᠨ ᠵᠢᠱᠢᠶ᠎ᠡ ᠳᠤ ᠵᠠᠯᠠᠶᠢᠳ ᠬᠤᠰᠢᠭᠤᠨ ᠤ ᠤᠮᠠᠷᠠᠲᠤ ᠬᠢᠯᠢ ᠶᠢᠨ ᠰᠣᠶᠣᠯ ᠤᠨ ︽ᠬᠡᠪ ᠵᠠᠩᠰᠢᠯ ᠢ | ᠰᠤᠷᠳᠠᠯᠴᠢᠯᠡᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ︾ ᠲᠠᠶᠢᠴᠢᠯᠡᠨ ᠵᠢᠯᠣᠭᠤᠳᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠠᠷᠠᠳ ᠤᠨ ︽ᠭᠠᠴᠠᠭ᠎ᠠ ᠲᠣᠰᠬᠤᠨ ᠤ TV︾ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ᠠᠷᠠᠳ ᠣᠯᠠᠨ ᠳᠤ ᠥᠪᠡᠷ ᠢ ᠪᠠᠨ ᠭᠠᠶᠢᠬᠠᠭᠤᠯᠬᠤ᠂ ᠥᠪᠡᠷ ᠢ ᠪᠠᠨ ᠬᠥᠮᠦᠵᠢᠭᠦᠯᠬᠦ | ᠶᠡᠭᠡ ᠲᠠᠪᠴᠠᠩ ᠢ ᠪᠠᠶᠢᠭᠤᠯᠤᠨ ᠥᠭᠴᠦ᠂ ᠪᠠᠶᠠᠷ ᠪᠠᠭ᠋ᠠᠳᠤᠯ ᠤᠨ ᠳᠤᠮᠳᠠ ᠪᠣᠯᠪᠠᠰᠤᠨ ᠰᠢᠨ᠎ᠡ ᠰᠤᠷᠲᠠᠯ ᠢ | ᠪᠠᠳᠠᠷᠠᠭᠤᠯᠵᠤ᠂ ᠡᠭᠡᠯ ᠪᠣᠷᠣᠭᠵᠢᠭᠤᠨ ᠠᠷᠠᠳ ᠤᠨ ᠵᠠᠩ ᠠᠭᠠᠯᠢ ᠪᠠᠨ ᠬᠠᠳᠠᠭᠠᠯᠠᠵᠤ᠂ ᠰᠠᠶᠢᠨ ᠰᠠᠶᠢᠬᠠᠨ ᠬᠡᠷ ᠤᠨ | ᠰᠤᠷᠲᠠᠯ ᠢ ᠬᠥᠮᠦᠵᠢᠭᠦᠯᠬᠦ ᠪᠣᠳᠠᠲᠠᠶ ᠠᠷᠭ᠎ᠠ ᠬᠡᠮᠵᠢᠶ᠎ᠡ ᠶᠢ ᠲᠠᠨᠢᠯᠴᠠᠭᠤᠯᠪᠠ᠃ | ᠲᠣᠰ ᠬᠡᠷᠡᠭ ᠤᠨ ᠵᠢᠱᠢᠶ᠎ᠡ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠭᠤᠰᠢᠯᠠᠭᠤᠯᠬᠤ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠤᠬᠠᠭᠤᠯᠭ᠎ᠠ ᠶᠢᠨ | ᠠᠵᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠲᠣᠳᠣᠷᠬᠠᠶᠢᠯᠠᠨ ᠥᠭᠦᠯᠡᠵᠦ᠂ | ᠤᠬᠠᠭᠤᠯᠭ᠎ᠠ ᠶᠢᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠨᠠᠮ ᠤᠨ ᠳᠠᠭᠤᠨ ᠢ ᠳᠠᠮᠵᠢᠭᠤᠯᠵᠤ᠂ ᠵᠠᠯᠠᠶᠢᠳ ᠤᠨ | ᠥᠯᠢᠭᠡᠷ ᠢ ᠰᠠᠶᠢᠲᠤᠷ ᠶᠠᠷᠢᠵᠤ᠂ ᠵᠠᠯᠠᠶᠢᠳ ᠬᠤᠰᠢᠭᠤᠨ ᠤ ᠰᠣᠨᠢᠨ ᠮᠡᠳᠡᠭᠡᠨ ᠤ ᠤᠬᠠᠭᠤᠯᠭ᠎ᠠ ᠪᠠ ᠶᠠᠷᠢᠶ᠎ᠠ | ᠬᠡᠯᠡᠯᠴᠡᠭᠡᠨ ᠤ ᠲᠠᠶᠢᠴᠢᠯᠡᠨ ᠵᠢᠯᠣᠭᠤᠳᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠪᠡ | ᠃ |