| | ᠰᠤᠷᠪᠤᠯᠵᠢᠯᠠᠭᠴᠢ ᠵᠠᠯᠠᠶᠢᠳ ᠬᠤᠰᠢᠭᠤᠨ ᠤ ᠠᠷᠪᠡᠨᠭᠡᠷ ᠪᠠᠯᠭᠠᠰᠤ ᠶᠢᠨ ᠵᠦᠯᠡᠭᠡᠨᠠ ᠭᠠᠴᠠᠭᠠᠨ ᠤ ᠷᠦᠢ ᠴᠢᠦ | ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠤᠨ ᠬᠠᠷ᠎ᠠ ᠳᠡᠯᠳᠡᠦ ᠶᠢᠨ ᠦᠢᠯᠡᠳᠪᠦᠷᠢᠯᠡᠯ ᠤᠨ | ᠰᠠᠭᠤᠷᠢᠨ ᠭᠠᠵᠠᠷ ᠢᠶᠠᠷ ᠬᠦᠷᠬᠦ ᠳᠤ᠂ ᠪᠠᠭᠠᠨᠠᠴᠢᠷ ᠦᠢᠯᠡᠳᠪᠦᠷᠢᠯᠡᠬᠦ ᠮᠠᠰᠢᠨ ᠦᠢᠯᠡᠳᠪᠦᠷᠢᠯᠡᠯ ᠢᠶᠠᠨ ᠲᠦᠷᠭᠡᠳᠭᠡᠵᠤ᠂ | ᠠᠦ᠋ᠲ᠋ᠣᠴᠢᠯᠠᠭᠰᠠᠨ ᠪᠠ ᠲᠣᠭᠠᠨ ᠤ ᠡᠵᠡᠮᠰᠢᠯᠳᠦ ᠪᠠᠭᠠᠨᠠᠴᠢᠷ ᠤᠨ ᠦᠢᠯᠡᠳᠪᠦᠷᠢᠯᠡᠯ ᠤᠨ ᠮᠠᠰᠢᠨ ᠤ ᠬᠦᠩᠭᠢᠨᠡᠬᠦ | ᠳᠠᠭᠤᠨ ᠲᠠᠰᠤᠷᠠᠯᠲᠠ ᠦᠭᠡᠢ ᠴᠤᠤᠷᠢᠶᠠᠲᠤᠵᠤ᠂ ᠬᠡᠳᠦᠨ ᠠᠷᠪᠠᠨ ᠠᠵᠢᠯᠴᠢᠨ ᠶᠠᠭ ᠥᠪᠡᠷ ᠥᠪᠡᠷ ᠤᠨ ᠠᠵᠢᠯ ᠤᠨ | ᠪᠠᠶᠢᠷᠢ ᠳᠠᠭᠠᠨ ᠮᠠᠲ᠋ᠧᠷᠢᠶᠠᠯ ᠣᠷᠣᠭᠤᠯᠬᠤ᠂ ᠤᠭᠤᠳᠠᠯᠯᠠᠬᠤ᠂ ᠠᠷᠢᠭᠤᠳᠬᠠᠬᠤ ᠵᠡᠷᠭᠡ ᠪᠠᠷ ᠵᠦᠭᠡᠭᠡᠪᠤᠷᠢᠯᠡᠨ | ᠶᠠᠭᠠᠷᠠᠯᠳᠤᠵᠤ᠂ ᠢᠷᠡᠬᠦ ᠵᠢᠯ ᠤᠨ ᠬᠠᠷ᠎ᠠ ᠲᠠᠯᠳᠠᠤ ᠶᠢᠨ ᠠᠵᠤ ᠤᠶᠢᠯᠡᠰ ᠤᠨ ᠬᠦᠭᠵᠢᠯᠳᠡ ᠶᠢ ᠰᠠᠶᠢᠨ ᠡᠬᠢᠯᠡᠯᠳᠡ ᠲᠠᠢ | ᠪᠤᠯᠭᠠᠵᠤ ᠪᠠᠶᠢᠯ᠎ᠠ᠃ | ᠬᠠᠷ᠎ᠠ ᠳᠡᠯᠳᠡᠦ ᠶᠢᠨ ᠠᠵᠤ ᠦᠢᠯᠡᠰ ᠨᠢ ᠠᠷᠪᠡᠨᠭᠡᠷ ᠪᠠᠯᠭᠠᠰᠤᠨ ᠤ ᠳᠠᠪᠠᠭᠤᠯᠢᠭ ᠤᠨᠴᠠᠯᠢᠬᠳᠤ ᠠᠵᠤ ᠦᠢᠯᠡᠰ | ᠪᠣᠯᠤᠭᠰᠠᠨ ᠤ ᠬᠤᠪᠢ ᠳᠤ᠂ ᠪᠦᠬᠦ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ | ᠦᠢᠯᠡᠰ ᠤᠨ ᠰᠠᠭᠤᠷᠢ ᠶᠢ ᠲᠠᠯᠪᠢᠵᠤ ᠦᠭᠴᠠᠢ᠃ ᠣᠶᠢᠯᠠᠭᠠᠭᠰᠠᠨ ᠢᠶᠠᠷ᠂ ᠬᠠᠷ᠎ᠠ ᠳᠡᠯᠳᠡᠦ ᠶᠢᠨ ᠰᠠᠭᠤᠷᠢᠨ ᠭᠠᠵᠠᠷ ᠨᠢ | 2024 ᠤᠨ ᠤ 12 ᠰᠠᠷ᠎ᠠ ᠶᠢᠨ 18 ᠤ ᠡᠳᠦᠷ ᠠᠴᠠ ᠡᠬᠢᠯᠡᠨ ᠦᠢᠯᠡᠳᠪᠦᠷᠢᠯᠡᠵᠦ᠂ ᠡᠳᠦᠷ ᠤᠨ | ᠦᠢᠯᠡᠳᠪᠦᠷᠢᠯᠡᠭᠰᠡᠨ ᠪᠠᠭᠠᠨᠠᠴᠢᠷ ᠨᠢ 21500 ᠲᠤᠯᠵᠤ ᠪᠤᠢ᠃ ᠪᠠᠭᠠᠨᠠᠴᠢᠷ ᠦᠢᠯᠡᠳᠪᠦᠷᠢᠯᠡᠬᠦ ᠨᠢ ᠡᠷᠬᠢᠨ | ᠲᠣᠭᠤᠷᠢᠨ ᠤ ᠤᠯᠠᠨ ᠲᠦᠮᠡᠨ ᠤ ᠮᠦᠬᠦ ᠶᠢᠨ ᠤᠶᠢᠯᠡᠳᠪᠤᠷᠢ ᠶᠢᠨ ᠲᠠᠰᠤᠭ ᠲᠤ ᠠᠵᠢᠯ ᠣᠯᠵᠤ ᠣᠷᠣᠯᠭ᠎ᠠ ᠪᠠᠨ | ᠨᠡᠮᠡᠭᠳᠡᠭᠦᠯᠬᠦ ᠶᠢ ᠳᠠᠶᠢᠴᠢᠯᠠᠵᠤ᠂ ᠮᠠᠯᠴᠢᠨ ᠲᠠᠷᠢᠶᠠᠴᠢᠨ ᠤ ᠤᠢᠢᠷ᠎ᠠ ᠬᠠᠪᠢ ᠳᠠᠭᠠᠨ ᠠᠵᠢᠯ ᠤᠯᠬᠤ ᠬᠦᠰᠡᠯ | ᠵᠡᠭᠦᠳᠦ ᠶᠢ ᠦᠨᠡᠨ ᠬᠦ ᠲᠡᠷᠭᠡᠯᠰᠢᠬᠦᠯᠪᠡ᠃ ᠣᠳᠣᠬᠠᠨ ᠤ ᠪᠠᠭᠠᠨᠠᠴᠢᠷ ᠦᠢᠯᠡᠳᠪᠦᠷᠢᠯᠡᠬᠦ ᠱᠠᠲᠤᠨ ᠳᠤ᠂ | ᠬᠤᠷᠰᠢᠶᠠᠵᠢᠯ ᠤᠨ ᠦᠢᠯᠡᠳᠪᠦᠷᠢᠯᠡᠯ ᠤᠨ ᠲᠠᠰᠤᠭ ᠤᠨ ᠬᠢᠨ 30 ᠭᠠᠷᠤᠶ ᠬᠥᠮᠦᠨ ᠳᠤ ᠤᠷᠲᠤ ᠬᠤᠭᠤᠴᠠᠭ᠎ᠠ ᠪᠠᠷ | ᠠᠵᠢᠯ ᠣᠯᠭᠤᠵᠤ᠂ ᠬᠥᠮᠦᠨ ᠳᠤᠮᠳᠠᠴᠢ ᠶᠢᠨ ᠬᠥᠳᠡᠯᠮᠦᠷᠢ ᠦᠢᠯᠡᠴᠢᠯᠡᠭᠡᠨ ᠤ ᠴᠠᠯᠢᠩ ᠤᠨ ᠣᠷᠣᠯᠭ᠎ᠠ 6600 | ᠭᠠᠷᠤᠶ ᠲᠥᠭᠦᠷᠢᠭ ᠲᠤ ᠬᠦᠷᠴᠡᠶ᠃ | ᠣᠶᠢᠷ᠎ᠠ ᠶᠢᠨ ᠵᠢᠯ ᠠᠴᠠ ᠨᠠᠰᠢ᠂ ᠷᠦᠢ ᠴᠢᠦ ᠲᠠᠷᠢᠶᠠᠯᠠᠩ ᠮᠠᠯ ᠠᠵᠤ ᠠᠬᠤᠶ ᠶᠢᠨ ᠬᠤᠷᠰᠢᠶᠠᠵᠢᠯ ᠤᠨ ᠬᠠᠷ᠎ᠠ | ᠳᠡᠯᠳᠡᠦ ᠶᠢ ᠶᠠᠳᠠᠭᠤ ᠶᠢ ᠲᠡᠳᠬᠦᠬᠦ 832 ᠰᠦᠯᠵᠢᠶᠡᠨ ᠳᠡᠭᠡᠷᠡᠬᠢ ᠲᠠᠪᠴᠠᠩ᠂ ᠪᠡᠭᠡᠵᠢᠩ ᠤᠨ ᠰᠢᠨ᠎ᠠ ᠪᠠᠷ | ᠨᠡᠭᠡᠭᠡᠭᠰᠡᠨ ᠭᠠᠵᠠᠷ ᠤᠨ ᠵᠠᠬ᠎ᠠ ᠳᠡᠯᠭᠡᠭᠦᠷ ᠤᠨ ᠰᠦᠯᠵᠢᠶᠡᠨ ᠭᠠᠳᠠᠨᠠᠬᠢ ᠬᠤᠰᠢᠭᠤᠴᠢ ᠳᠡᠯᠭᠡᠭᠦᠷ ᠢᠶᠠᠷ ᠲᠠᠮᠵᠢᠨ ᠪᠥᠬᠦ | ᠤᠯᠤᠰ ᠤᠨ ᠡᠯ᠎ᠡ ᠭᠠᠵᠠᠷ ᠲᠤ ᠪᠣᠷᠣᠯᠠᠭᠤᠯᠵᠤ᠂ ᠶᠠᠰᠤ ᠴᠢᠨᠠᠷ ᠨᠢ ᠵᠠᠬ᠎ᠠ ᠳᠡᠯᠭᠡᠭᠦᠷ ᠲᠤ ᠥᠷᠭᠡᠨ ᠢᠶᠠᠷ | ᠮᠡᠳᠡᠷᠡᠭᠳᠡᠭᠰᠡᠨ ᠪᠠᠶᠢᠨ᠎ᠠ᠃ ᠬᠤᠷᠰᠢᠶᠠᠵᠢᠯ ᠨᠢ ᠬᠠᠮᠲᠤ ᠶᠢᠨ ᠣᠢ ᠰᠢᠭᠤᠶ ᠶᠢᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢᠨ ᠲᠥᠷᠥᠯ ᠵᠦᠢᠯ ᠤᠨ 15 ᠲᠦᠮᠡᠨ ᠲᠥᠭᠦᠷᠢᠭ ᠤᠨ ᠪᠡᠯᠡ ᠮᠦᠩᠬᠦ ᠶᠢ ᠠᠰᠢᠭᠯᠠᠨ ᠬᠠᠭᠤᠴᠢᠨ | ᠦᠢᠯᠡᠳᠪᠦᠷᠢ ᠶᠢᠨ ᠲᠣᠭᠤᠷᠢᠭ ᠢ ᠥᠭᠡᠷᠡᠴᠢᠯᠡᠬᠦ ᠪᠠ ᠲᠥᠬᠦᠭᠡᠷᠦᠮᠵᠢ ᠶᠢ ᠰᠢᠨᠡᠳᠬᠡᠬᠦ ᠠᠵᠢᠯ ᠢ ᠪᠡᠶᠡᠯᠡᠭᠦᠯᠪᠡ᠃ | ᠦᠢᠯᠡᠳᠪᠦᠷᠢᠯᠡᠯ ᠤᠨ ᠴᠢᠳᠠᠪᠤᠷᠢ ᠨᠢ ᠤᠤᠯ ᠤᠨ ᠵᠢᠯ ᠤᠨ ᠭᠠᠷᠤᠯᠲᠠ ᠨᠢ 100 ᠲᠦᠮᠡᠨ ᠪᠠᠭᠠᠨᠠᠴᠢᠷ | ᠪᠠᠶᠢᠭᠰᠠᠨ ᠠᠴᠠ 150 ᠲᠦᠮᠡᠨ ᠪᠠᠭᠠᠨᠠᠴᠢᠷ ᠪᠣᠯᠭᠠᠨ ᠳᠡᠭᠡᠭᠰᠢᠯᠡᠭᠦᠯᠵᠦ᠂ ᠵᠢᠯ ᠪᠦᠷᠢ 160 ᠡᠷᠤᠭᠡ ᠮᠠᠯᠴᠢᠨ | ᠲᠠᠷᠢᠶᠠᠴᠢᠨ ᠢ ᠳᠠᠶᠢᠴᠢᠯᠠᠵᠤ᠂ ᠡᠳ᠋ᠰᠢᠬᠦᠯᠵᠤ ᠪᠣᠯᠪᠠᠰᠤᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ | ᠪᠠᠷᠠᠬᠤ ᠥᠬᠡᠶ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠵᠤ ᠪᠤᠢ᠃ |