| | 1 ᠰᠠᠷ᠎ᠠ ᠶᠢᠨ 14 ᠤ ᠡᠳᠦᠷ᠂ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ 2025 ᠣᠨ ᠤ ᠠᠩᠬᠠᠳᠤᠭᠠᠷ | ᠤᠳᠠᠭᠠᠨ ᠤ ᠨᠠᠮ ᠤᠨ ᠬᠤᠷᠢᠶᠡᠨ ︵ᠥᠷᠭᠡᠳᠬᠡᠭᠰᠡᠨ︶ ᠤ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠵᠠᠰᠠᠭ ᠤᠨ | ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠴᠠᠭᠠᠨ ︵ᠨᠡᠶᠢᠭᠡᠮ ᠲᠣᠭᠤᠷᠢᠭ︶ ᠤ ᠱᠦᠵᠢ᠂ ᠰᠢᠭᠤᠳ ᠬᠠᠷᠢᠶ᠎ᠠ | ᠪᠠᠶᠢᠭᠤᠯᠭ᠎ᠠ ᠶᠢᠨ ᠬᠠᠷᠢᠭᠤᠴᠠᠯᠭᠠᠲᠠᠳ ᠲᠤᠰ ᠤᠳᠠᠭᠠᠨ ᠤ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ︽ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ︾ ᠶᠢ | ᠬᠠᠮᠲᠤ ᠪᠠᠷ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠥᠬᠦ | ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ︾᠂ ︽2024 ᠣᠨ ᠤ ᠵᠠᠰᠠᠭ ᠤᠨ ᠣᠷᠳᠣᠨ ᠤ ᠠᠵᠢᠯ ᠤᠨ | ᠢᠯᠡᠳᠭᠡᠯ︾᠂ ︽ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ︾᠂ ︽ᠳᠤᠮᠳᠠᠳᠤ | ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠵᠠᠯᠠᠶᠢᠳ ᠬᠤᠰᠢᠭᠤᠨ ᠤ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ︾ ᠶᠢ ᠤᠯᠠᠮᠵᠢᠯᠠᠪᠠ᠃ | ᠬᠤᠷᠠᠯ ᠠᠴᠠ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ | ᠲᠠᠨᠢᠯᠲᠠ ᠪᠠᠨ ᠭᠦᠨᠵᠡᠭᠡᠶᠢᠷᠡᠭᠦᠯᠬᠦ ᠬᠡᠷᠡᠭᠲᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ | ᠨᠢᠭᠡᠳᠬᠡᠵᠦ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠ ᠲᠤᠯᠭᠠᠮ᠎ᠠ ᠪᠤᠳᠤᠯ ᠢᠶᠠᠨ | ᠴᠢᠩᠭᠠᠷᠠᠭᠤᠯᠤᠨ᠂ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ | 2025 ᠣᠨ ᠤ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠳᠡᠢ᠃ | ᠬᠤᠶᠠᠷ ᠲᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠬᠤ | ᠬᠡᠷᠡᠭᠲᠡᠶ᠃ ᠭᠤᠷᠪᠠ ᠳᠤ᠂ ᠪᠦᠯᠬᠦᠮᠳᠡᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ | ᠬᠦᠴᠦᠨ ᠢ ᠪᠦᠷᠢᠯᠳᠦᠭᠦᠯᠬᠦ ᠬᠡᠷᠡᠭᠲᠡᠢ᠃ ᠪᠦᠬᠦ ᠰᠤᠮᠤ ᠪᠠᠷ ᠢᠶᠠᠨ ᠨᠢᠭᠡ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ | ᠪᠠᠲᠤ ᠪᠤᠢ ᠪᠣᠯᠭᠠᠵᠤ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠣᠯᠠᠨ | ᠲᠦᠮᠡᠨ ᠤ ᠠᠩᠬᠠᠷᠴᠤ ᠪᠠᠶᠢᠭ᠎ᠠ ᠪᠠ ᠣᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠣᠪᠠᠨᠢᠵᠤ ᠬᠦᠰᠡᠵᠦ ᠪᠠᠶᠢᠭ᠎ᠠ | ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠬᠦ ᠶᠢᠨ ᠬᠠᠮᠲᠤ ᠰᠠᠶᠢᠲᠤᠷ ᠰᠢᠢᠳᠪᠦᠷᠢᠯᠡᠵᠦ᠂ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠲᠦᠷᠪᠡ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠠᠳᠬᠤᠬᠤ | ᠬᠠᠷᠢᠭᠤᠴᠠᠯᠭᠠᠲᠤ ᠰᠡᠳᠬᠢᠯᠭᠡ ᠪᠣᠯᠤᠨ ᠤᠬᠠᠮᠰᠠᠷᠲᠤ ᠴᠢᠨᠠᠷ ᠢᠶᠠᠨ ᠦᠨᠡᠨ ᠬᠦ ᠴᠢᠩᠭᠠᠳᠬᠠᠵᠤ᠂ ᠬᠠᠳᠠᠭᠠᠰᠤᠨ ᠤ | ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢᠶᠠᠨ ᠪᠣᠳᠠᠲᠠᠢ ᠨᠠᠷᠢᠯᠢᠭ ᠰᠠᠶᠢᠲᠤᠷ ᠬᠢᠬᠦ ᠬᠡᠷᠡᠭᠲᠡᠢ᠃ ᠲᠠᠪᠤ ᠳᠤ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ | ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠲᠠᠷᠢᠬᠢ ᠲᠣᠯᠣᠭᠠᠢ ᠪᠠᠨ ᠢᠮᠠᠭᠲᠠ ᠰᠡᠷᠭᠡᠭ | ᠪᠠᠶᠢᠯᠭᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠡᠨᠡ ᠬᠦ ᠬᠥᠪᠴᠢ ᠶᠢ ᠴᠢᠩᠭᠠᠷᠠᠭᠤᠯᠵᠤ᠂ ᠲᠥᠪ ᠤᠨ | ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ | ᠵᠢᠷᠤᠮᠯᠠᠵᠤ᠂ ︽ᠲᠦᠷᠪᠡᠨ ᠰᠤᠷᠲᠠᠯ︾ ᠢ ᠡᠷᠡᠰ ᠡᠰᠡᠷᠭᠦᠴᠡᠵᠦ᠂ ᠵᠥᠪ ᠣᠨᠣᠪᠴᠢᠲᠠᠢ ᠡᠷᠬᠡ ᠶᠢᠨ ᠦᠵᠡᠯᠲᠡ᠂ | ᠪᠠᠶᠢᠷᠢ ᠰᠠᠭᠤᠷᠢ ᠶᠢᠨ ᠦᠵᠡᠯᠲᠡ᠂ ᠠᠰᠢᠭ ᠲᠤᠰᠠ ᠶᠢᠨ ᠦᠵᠡᠯᠲᠡ ᠶᠢ ᠪᠤᠢ ᠪᠣᠯᠭᠠᠵᠤ᠂ ᠰᠤᠷᠲᠠᠯ ᠴᠢᠬᠡᠴᠢ ᠣᠪᠣᠷ | ᠲᠥᠪ ᠠᠵᠢᠯ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠬᠡᠷᠡᠭᠲᠡᠢ ᠭᠡᠵᠤ ᠱᠠᠭᠠᠷᠳᠠᠵᠠᠢ᠃ |