| | ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠣᠶᠣᠯ ᠤᠨ ᠵᠠᠬ᠎ᠠ ᠳᠡᠯᠭᠡᠭᠦᠷ ᠤᠨ ᠲᠣᠭᠲᠠᠭᠤᠨ ᠡᠮᠬᠢ ᠳᠢᠭᠯᠢᠮ ᠲᠠᠢ | ᠪᠠᠶᠢᠬᠤ ᠶᠢ ᠬᠠᠮᠠᠭᠠᠯᠠᠵᠤ᠂ ᠰᠤᠷᠲᠠᠯ ᠴᠢᠬᠡᠴᠢ ᠣᠪᠣᠷ ᠲᠥᠪ ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠬᠤ | ᠶᠢᠨ ᠲᠦᠯᠦᠭᠡ᠂ ᠣᠶᠢᠷ᠎ᠠ ᠳᠤ᠂ ᠵᠠᠯᠠᠶᠢᠳ ᠬᠤᠰᠢᠭᠤᠨ ᠤ ᠪᠣᠯᠭᠠᠨᠬᠤᠸᠠ ᠰᠤᠮᠤ ᠶᠢᠨ ᠶᠡᠷᠤᠩᠬᠡᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠂ ᠰᠣᠶᠣᠯ ᠤᠨ ᠥᠷᠲᠡᠭᠡ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ | ᠬᠤᠯᠪᠣᠭ᠎ᠠ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠠ ᠵᠢᠯ ᠠᠴᠠ ᠡᠮᠦᠨᠡᠬᠢ ︽ᠱᠠᠯᠢᠭ ᠵᠠᠪᠬᠠᠶ ᠶᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ | ᠥᠷᠨᠢᠭᠦᠯᠪᠡ᠃ | ᠲᠣᠰ ᠤᠳᠠᠭᠠᠨ ᠤ ᠲᠤᠰᠬᠠᠶ ᠠᠵᠢᠯᠯᠠᠭ᠎ᠠ ᠳᠤ ᠠᠵᠢᠯᠳᠠᠳ᠂ ᠬᠠᠷᠢᠶ᠎ᠠ ᠣᠷᠣᠨ ᠳᠠᠬᠢ ᠲᠦᠷᠭᠡᠨ | ᠬᠦᠷᠭᠡᠯᠲᠡ ᠶᠢᠨ ᠭᠠᠵᠠᠷ᠂ ᠴᠢᠯᠦᠭᠡᠳᠤ ᠳᠡᠯᠭᠡᠭᠦᠷ᠂ ᠪᠢᠴᠢᠭ ᠤᠨ ᠬᠡᠷᠡᠭᠰᠡᠯ ᠤᠨ ᠳᠡᠯᠭᠡᠭᠦᠷ ᠵᠡᠷᠭᠡ ᠬᠤᠳᠠᠯᠳᠤᠭᠠᠨ ᠤ | ᠲᠡᠯᠭᠡᠬᠦᠷ ᠢᠶᠠᠷ ᠭᠦᠨᠵᠡᠬᠡᠶᠢᠷᠡᠨ᠂ ᠬᠠᠤᠯᠢ ᠪᠤᠰᠤ ᠪᠠᠷ ᠪᠤᠶᠤ ᠬᠤᠯᠠᠭᠠᠶᠢᠯᠠᠨ ᠬᠡᠪᠯᠡᠭᠰᠡᠨ ᠬᠡᠪᠯᠡᠭᠳᠡᠬᠦᠨ ᠢ ᠬᠤᠳᠠᠯᠳᠤᠵᠤ | ᠪᠠᠶᠢᠬᠤ᠂ ᠬᠢᠯᠢ ᠶᠢᠨ ᠭᠠᠳᠠᠨᠠᠬᠢ ᠨᠤᠮ ᠪᠢᠴᠢᠭ᠂ ᠹᠸᠤᠳᠠᠯ ᠤᠨ ᠮᠤᠬᠤᠷ ᠰᠦᠰᠦᠭ ᠤᠨ ᠲᠦᠷᠤᠯ ᠤᠨ ᠨᠤᠮ ᠪᠢᠴᠢᠭ | ᠢ ᠬᠤᠳᠠᠯᠳᠤᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠵᠠᠢ᠃ ᠡᠵᠡᠩᠨᠡᠭᠴᠢᠳ ᠲᠤ ︽ᠱᠠᠯᠢᠭ ᠵᠠᠪᠬᠠᠶ ᠶᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠵᠤ᠂ ᠬᠠᠤᠯᠢ ᠪᠤᠰᠤ ᠬᠡᠪᠯᠡᠭᠳᠡᠬᠦᠨ ᠤ ᠬᠤᠤᠷ ᠬᠥᠨᠥᠭᠡᠯᠲᠦ ᠴᠢᠨᠠᠷ ᠵᠢᠴᠢ | ᠢᠯᠭᠠᠨ ᠲᠠᠨᠢᠬᠤ ᠤᠷ᠎ᠠ ᠮᠡᠷᠭᠡᠵᠢᠯ ᠢ ᠲᠠᠶᠢᠯᠪᠤᠷᠢᠯᠠᠨ ᠦᠭᠴᠤ᠂ ᠡᠵᠡᠩᠨᠡᠭᠴᠢᠳ ᠤᠨ ᠬᠠᠤᠯᠢ ᠶᠤᠰᠤᠭᠠᠷ ᠡᠵᠡᠩᠨᠡᠯᠳᠡ | ᠬᠢᠬᠦ᠂ ᠬᠠᠤᠯᠢ ᠶᠢ ᠰᠠᠬᠢᠨ ᠡᠵᠡᠩᠨᠡᠯᠳᠡ ᠬᠢᠬᠦ ᠤᠬᠠᠮᠰᠠᠷ ᠢ ᠲᠡᠭᠡᠭᠰᠢᠯᠡᠬᠦᠯᠬᠦ ᠶᠢᠨ ᠬᠠᠮᠳᠤ ᠡᠵᠡᠩᠨᠡᠭᠴᠢᠳ ᠤᠨ | ᠬᠠᠤᠯᠢ ᠪᠤᠰᠤ ᠬᠡᠪᠯᠡᠭᠳᠡᠬᠦᠨ ᠤ ᠰᠦᠪᠡᠭᠴᠢ ᠶᠢ ᠢᠳᠡᠪᠬᠢᠲᠡᠶ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠠᠷᠢᠭᠤᠨ | ᠴᠢᠬᠡᠴᠢ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠪᠠ᠃ |