| | ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠳᠡᠳ᠋ ᠳᠠᠷᠤᠭ᠎ᠠ ᠯᠢ ᠯᠢ ᠶᠢᠩ ᠨᠡᠷ ᠬᠤᠯᠪᠣᠭ᠎ᠠ ᠪᠠᠯᠭᠠᠰᠤ ᠪᠠᠷ ᠭᠦᠨᠵᠡᠭᠡᠶᠢᠷᠡᠨ ᠪᠣᠯᠭᠤᠭᠠᠨ ᠲᠣᠬᠤᠨᠢᠭᠤᠯᠬᠤ | ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠳᠠᠬᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ | ᠲᠠᠪᠤᠨ ᠪᠠᠲᠤᠯᠠᠭᠠᠲᠤ ᠡᠷᠦᠬᠡ᠂ ᠠᠰᠠᠷᠠᠨ ᠬᠠᠷᠠᠭᠠᠯᠵᠠᠬᠤ ᠡᠲᠡᠭᠡᠳ ᠵᠡᠷᠭᠡ ᠣᠨᠴᠠᠭᠠᠢ ᠬᠥᠮᠦᠰ ᠲᠤ ᠨᠠᠮ ᠪᠠ | ᠵᠠᠰᠠᠭ ᠤᠨ ᠣᠷᠳᠣᠨ ᠤ ᠭᠦᠨ ᠬᠠᠯᠠᠮᠵᠢᠯᠠᠯ ᠵᠢᠴᠢ ᠬᠠᠮᠤᠭ ᠤᠨ ᠴᠢᠩ ᠰᠡᠳᠬᠢᠯ ᠤᠨ ᠪᠠᠶᠠᠷ ᠤᠨ ᠡᠳᠦᠷ ᠤᠨ | ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠦ | ᠶᠦᠩ ᠽᠧ᠂ ᠲᠤᠬᠠᠶᠢᠯᠠᠭᠰᠠᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠳ ᠪᠠᠷ᠎ᠠ ᠪᠣᠯᠪᠠ᠃ | ᠪᠤᠯᠭᠤᠭᠠᠨ ᠲᠤᠬᠤᠨᠢᠭᠤᠯᠬᠤ ᠶᠠᠪᠤᠴᠠ ᠳᠤ᠂ ᠯᠢ ᠯᠢ ᠶᠢᠩ ᠨᠥᠬᠦᠷ ᠲᠣᠬᠤᠨᠢᠭᠤᠯᠬᠤ ᠡᠲᠡᠭᠡᠳ ᠲᠠᠢ | ᠳᠣᠲᠣᠨᠣ ᠪᠠᠷ ᠶᠠᠷᠢᠯᠴᠠᠵᠤ᠂ ᠲᠣᠬᠤᠨᠢᠭᠤᠯᠬᠤ ᠡᠲᠡᠭᠡᠳ ᠲᠤ ᠲᠣᠬᠤᠨᠢᠭᠤᠯᠬᠤ ᠪᠣᠳᠠᠰ ᠪᠠ ᠲᠣᠬᠤᠨᠢᠭᠤᠯᠬᠤ ᠮᠥᠩᠭᠦ | ᠬᠦᠷᠭᠡᠭᠰᠡᠨ ᠪᠥᠭᠡᠳ ᠲᠡᠳᠡᠨᠡᠷ ᠤᠨ ᠪᠡᠶ᠎ᠡ ᠮᠠᠬᠠᠪᠣᠳ ᠤᠨ ᠪᠠᠶᠢᠳᠠᠯ᠂ ᠭᠡᠷ ᠪᠦᠯᠢ ᠶᠢᠨ ᠪᠠᠶᠢᠳᠠᠯ ᠪᠠ ᠣᠳᠣᠬᠠᠨ ᠳᠤ | ᠲᠤᠯᠭᠠᠷᠠᠵᠤ ᠪᠠᠶᠢᠭ᠎ᠠ ᠬᠦᠴᠢᠷᠳᠡᠯ ᠢ ᠨᠠᠷᠢᠨ ᠠᠰᠠᠭᠤᠵᠤ᠂ ᠲᠡᠳᠡᠨᠡᠷ ᠢ ᠢᠳᠡᠪᠬᠢᠲᠡᠢ ᠪᠠᠶᠠᠰᠤᠩᠭᠤᠢ ᠠᠮᠢᠳᠤᠷᠠᠯ ᠤᠨ | ᠣᠪᠣᠷ ᠲᠠᠢ ᠪᠠᠶᠢᠬᠤ ᠶᠢ ᠵᠣᠷᠢᠭᠵᠢᠭᠤᠯᠬᠤ ᠶᠢᠨ ᠬᠠᠮᠲᠤ ᠬᠦᠴᠢᠷᠳᠡᠯ ᠲᠤᠯᠭᠠᠷᠠᠪᠠᠯ ᠴᠠᠭ ᠲᠤᠬᠠᠶ ᠳᠤᠨᠢ ᠪᠠᠶᠢᠭ᠎ᠠ | ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠲᠤᠰᠬᠠᠬᠤ ᠬᠡᠷᠡᠭᠲᠡᠶ ᠭᠡᠵᠦ ᠵᠠᠬᠢᠪᠠ᠃ ᠪᠠᠯᠭᠠᠰᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠬᠦᠴᠢᠷᠳᠡᠯᠲᠡᠢ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠶᠢ ᠴᠠᠭ | ᠢᠮᠠᠭᠲᠠ ᠰᠡᠳᠬᠢᠯ ᠳᠡᠭᠡᠨ ᠪᠤᠳᠤᠵᠤ᠂ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠦ︾ | ᠪᠠᠶᠢᠭ᠎ᠠ ᠠᠰᠠᠭᠤᠳᠠᠯ ᠢ ᠲᠠᠷᠤᠶᠢᠬᠠᠨ ᠤᠢᠢᠯᠠᠭᠠᠨ ᠰᠢᠢᠳᠪᠦᠷᠢᠯᠡᠵᠦ᠂ ᠤᠯᠠᠨ ᠤ ᠵᠣᠯ ᠵᠢᠷᠭᠠᠯ ᠲᠠᠢ᠂ ᠪᠠᠶᠠᠷ | ᠪᠠᠶᠠᠰᠬᠤᠯᠠᠩ ᠲᠠᠢ᠂ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ | ᠱᠠᠭᠠᠷᠳᠠᠪᠠ᠃ |