| 1 ᠰᠠᠷ᠎ᠠ ᠶᠢᠨ 14 ᠤ ᠡᠳᠦᠷ᠂ ᠵᠢᠯ ᠳᠤ ᠨᠢᠭᠡ ᠤᠳᠠᠭ᠎ᠠ ᠶᠠᠪᠤᠭᠳᠠᠬᠤ ᠴᠠᠭᠠᠨ ᠰᠠᠷ᠎ᠠ ᠶᠢᠨ ᠵᠥᠭᠡᠭᠡᠪᠦᠷᠢ | ᠡᠬᠢᠯᠡᠪᠡ᠃ ᠡᠨᠡ ᠵᠢᠯ ᠤᠨ ᠴᠠᠭᠠᠨ ᠰᠠᠷ᠎ᠠ ᠶᠢᠨ ᠵᠦᠭᠡᠭᠡᠪᠤᠷᠢ 1 ᠰᠠᠷ᠎ᠠ ᠶᠢᠨ 14 ᠡᠳᠦᠷ ᠠᠴᠠ ᠡᠬᠢᠯᠡᠵᠦ 2 | ᠰᠠᠷ᠎ᠠ ᠶᠢᠨ 22 ᠤᠨ ᠡᠳᠦᠷ ᠪᠤᠯᠳᠠᠯ᠎ᠠ ᠶᠠᠪᠤᠭᠳᠠᠨ᠎ᠠ᠃ ᠤᠯᠠᠨ ᠲᠦᠮᠡᠨ ᠤ ᠠᠮᠤᠷ ᠲᠦᠪᠰᠢᠨ ᠢᠶᠠᠷ ᠭᠡᠷ ᠲᠡᠭᠡᠨ | ᠬᠠᠷᠢᠬᠤ ᠵᠠᠮ ᠢ ᠰᠠᠬᠢᠨ ᠬᠠᠮᠠᠭᠠᠯᠠᠬᠤ ᠶᠢᠨ ᠲᠥᠯᠥᠭᠡ᠂ ᠵᠠᠯᠠᠶᠢᠳ ᠬᠤᠰᠢᠭᠤ ᠵᠠᠮ ᠲᠡᠭᠡᠭᠡᠪᠦᠷᠢ᠂ ᠠᠶᠠᠨᠴᠢᠳ ᠤᠨ | ᠲᠡᠭᠡᠭᠡᠪᠦᠷᠢ ᠶᠢᠨ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠶᠢᠨ ᠲᠣᠭᠤᠷᠢᠨ ᠳᠤ᠂ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢᠶᠠᠨ ᠳᠡᠭᠡᠭᠰᠢᠯᠡᠭᠦᠯᠵᠦ᠂ | ᠴᠠᠭᠠᠨ ᠰᠠᠷ᠎ᠠ ᠠᠴᠠ ᠡᠮᠤᠨᠡᠬᠢ ᠵᠢᠴᠢ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠵᠠᠮ | ᠲᠡᠭᠡᠭᠡᠪᠦᠷᠢ ᠶᠢᠨ ᠣᠷᠴᠢᠨ ᠲᠣᠭᠤᠷᠢᠨ ᠤ ᠠᠮᠤᠷ ᠲᠦᠪᠰᠢᠨ᠂ ᠡᠮᠬᠢ ᠳᠢᠭᠯᠢᠮ ᠲᠠᠢ ᠪᠠᠶᠢᠬᠤ ᠶᠢ ᠪᠦᠬᠦ | ᠬᠦᠴᠦᠨ ᠢᠶᠠᠷ ᠢᠶᠠᠨ ᠪᠠᠲᠤᠯᠠᠵᠤ ᠪᠤᠢ᠃ | ᠵᠠᠯᠠᠶᠢᠳ ᠬᠤᠰᠢᠭᠤᠨ ᠤ 2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠡᠬᠢᠯᠡᠯᠲᠡ ᠶᠢᠨ ᠶᠣᠰᠣᠯᠠᠯ | ᠳᠡᠭᠡᠷ᠎ᠡ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠴᠠᠭᠠᠨ ᠰᠠᠷ᠎ᠠ ᠶᠢᠨ | ᠵᠥᠭᠡᠭᠡᠪᠦᠷᠢ ᠳᠤ ᠤᠷᠤᠯᠴᠠᠬᠤ ᠲᠡᠭᠡᠭᠡᠪᠦᠷᠢ ᠶᠢᠨ ᠠᠵᠤ ᠠᠬᠤᠶᠢᠯᠠᠯ᠂ ᠵᠢᠯᠣᠭᠤᠴᠢ ᠵᠢᠴᠢ ᠡᠯ᠎ᠡ ᠬᠢᠨᠠᠨ ᠬᠠᠮᠢᠶᠠᠷᠬᠤ | ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠠᠮᠠᠷᠬᠠᠨ ᠲᠦᠭᠵᠢᠷᠡᠵᠦ ᠪᠠᠶᠢᠭ᠎ᠠ ᠵᠠᠮ ᠤᠨ ᠬᠡᠰᠡᠭ ᠢ | ᠵᠢᠯᠣᠭᠤᠳᠤᠨ ᠬᠠᠮᠢᠶᠠᠷᠬᠤ ᠶᠢ ᠴᠢᠩᠭᠠᠳᠬᠠᠵᠤ᠂ ᠤᠶᠢᠯᠡᠴᠢᠯᠡᠭᠡᠨ ᠤ ᠪᠠᠲᠤᠯᠠᠭ᠎ᠠ ᠪᠠᠨ ᠰᠢᠯᠢᠳᠡᠭᠵᠢᠭᠦᠯᠦᠨ᠂ ᠥᠷᠭᠡᠨ | ᠣᠯᠠᠨ ᠠᠶᠠᠨᠴᠢᠳ ᠤᠨ ᠠᠮᠤᠷ ᠲᠦᠪᠰᠢᠨ᠂ ᠰᠠᠭᠠᠳ ᠥᠬᠡᠶ ᠠᠶᠠᠯᠠᠬᠤ ᠶᠢ ᠪᠠᠳᠤᠯᠠᠬᠤ ᠬᠡᠷᠡᠭᠳᠡᠢ ᠭᠡᠵᠤ ᠤᠷᠢᠶᠠᠯᠠᠪᠠ | ᠃ | ︽ᠠᠶᠠᠨᠴᠢᠳ ᠤᠨ ᠮᠠᠰᠢᠨ ᠲᠡᠷᠭᠡᠨ ᠤ ᠵᠢᠯᠣᠭᠤᠴᠢ ᠪᠣᠯᠤᠭᠰᠠᠨ ᠤ ᠬᠤᠪᠢ ᠳᠤ᠂ ᠪᠢᠳᠡ ᠵᠠᠮ ᠬᠠᠷᠢᠯᠴᠠᠭᠠᠨ ᠤ | ᠳᠦᠷᠢᠮ ᠢ ᠴᠢᠩᠭ᠎ᠠ ᠵᠢᠷᠤᠮᠯᠠᠵᠤ᠂ ᠲᠡᠷᠭᠡ ᠬᠥᠰᠬᠡ ᠶᠢᠨ ᠠᠮᠤᠷ ᠲᠦᠪᠰᠢᠨ ᠢ ᠪᠠᠲᠤᠯᠠᠵᠤ᠂ ᠠᠶᠠᠨᠴᠢᠳ ᠲᠤ | ᠲᠤᠯᠠᠭᠠᠨ ᠲᠠᠭᠠᠯᠠᠮᠵᠢᠲᠠᠶ᠂ ᠳᠥᠭᠦᠮ ᠳᠥᠲᠡ ᠲᠡᠷᠭᠡᠨ ᠳᠤ ᠰᠠᠭᠤᠬᠤ ᠣᠷᠴᠢᠨ ᠲᠣᠭᠤᠷᠢᠨ ᠢ ᠬᠠᠩᠭᠠᠨ᠎ᠠ︾ ᠭᠡᠵᠤ | ᠵᠠᠯᠠᠶᠢᠳ ᠬᠤᠰᠢᠭᠤᠨ ᠤ ᠶᠢᠨ ᠱᠧᠩ ᠲᠡᠭᠡᠭᠡᠪᠤᠷᠢ ᠶᠢᠨ ᠤᠶᠢᠯᠡᠰ ᠤᠨ ᠬᠢᠵᠠᠭᠠᠷᠲᠤ ᠺᠣᠮᠫᠠᠨᠢ ᠶᠢᠨ ᠵᠢᠯᠣᠭᠤᠴᠢ ᠴᠢᠶᠣᠤ | ᠵᠢᠶᠠ ᠰᠢᠨ ᠬᠡᠯᠡᠪᠡ᠃ | ᠠᠵᠢᠯᠯᠠᠭ᠎ᠠ ᠶᠢᠨ ᠳᠤᠮᠳᠠ᠂ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠪᠠᠰᠠ ᠥᠷᠭᠡᠨ ᠣᠯᠠᠨ ᠵᠢᠯᠣᠭᠤᠴᠢ ᠳᠤ ᠵᠠᠮ | ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠵᠢᠴᠢ ᠴᠠᠭᠠᠨ ᠰᠠᠷ᠎ᠠ ᠶᠢᠨ | ᠵᠥᠭᠡᠭᠡᠪᠦᠷᠢ ᠶᠢᠨ ᠬᠤᠭᠤᠴᠠᠭᠠᠨ ᠳᠠᠬᠢ ᠠᠮᠤᠷ ᠲᠦᠪᠰᠢᠨ ᠢᠶᠠᠷ ᠭᠠᠳᠠᠭᠰᠢ ᠭᠠᠷᠬᠤ ᠶᠡᠷᠦ ᠶᠢᠨ ᠮᠡᠳᠡᠯᠭᠡ ᠶᠢ | ᠤᠬᠠᠭᠤᠯᠵᠤ᠂ ᠠᠷᠢᠬᠢ ᠤᠤᠭᠤᠵᠤ ᠲᠡᠷᠭᠡ ᠵᠢᠯᠣᠭᠤᠳᠬᠤ᠂ ᠦᠨᠡᠮᠯᠡᠯ ᠥᠬᠡᠶ ᠪᠠᠷ ᠲᠡᠷᠭᠡ ᠵᠢᠯᠣᠭᠤᠳᠬᠤ᠂ | ᠲᠤᠭᠳᠠᠭᠰᠠᠨ ᠬᠤᠷᠳᠤᠴᠡ ᠠᠴᠠ ᠬᠡᠳᠤᠷᠡᠬᠦᠯᠬᠦ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠤᠶᠢᠯᠠ | ᠠᠵᠢᠯᠯᠠᠭ᠎ᠠ ᠶᠢᠨ ᠬᠤᠤᠷ ᠬᠥᠨᠥᠭᠡᠯᠲᠦ ᠴᠢᠨᠠᠷ ᠢ ᠤᠬᠠᠭᠤᠯᠤᠨ ᠲᠠᠶᠢᠯᠪᠤᠷᠢᠯᠠᠵᠤ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | ︽ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ᠂ ᠪᠢᠳᠡ ᠥᠩᠭᠡᠷᠡᠭᠰᠡᠨ ᠵᠢᠯ ᠤᠨ ᠲᠡᠷᠭᠡᠨ ᠤ | ᠤᠷᠤᠰᠬᠠᠯ ᠤᠨ ᠲᠤᠭ᠎ᠠ ᠪᠠᠷᠢᠮᠲᠠ ᠵᠢᠴᠢ ᠡᠨᠡ ᠵᠢᠯ ᠤᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠠᠨᠳᠤᠰᠢ ᠶᠢ | ᠦᠨᠳᠦᠰᠦᠯᠡᠨ᠂ ᠡᠭᠡᠯᠵᠢ ᠶᠢᠨ ᠲᠥᠯᠥᠪᠯᠡᠭᠡ ᠪᠠᠨ ᠤᠷᠢᠳᠴᠢᠯᠠᠨ ᠲᠣᠭᠲᠠᠭᠠᠪᠠ᠃ ᠪᠥᠬᠦ ᠠᠵᠢᠯᠳᠠᠳ 24 ᠴᠠᠭ ᠢᠶᠠᠷ | ᠵᠠᠷᠯᠢᠭ ᠬᠦᠯᠢᠶᠡᠵᠦ᠂ ᠲᠡᠷᠭᠡᠨ ᠵᠠᠮ ᠲᠦᠭᠵᠢᠷᠡᠬᠦ ᠦᠵᠡᠭᠳᠡᠯ ᠥᠬᠡᠶ᠂ ᠰᠠᠭᠠᠳ ᠥᠬᠡᠶ ᠨᠡᠪᠲᠡᠷᠡᠬᠦ ᠶᠢ ᠦᠨᠡᠨ ᠬᠦ | ᠪᠠᠲᠤᠯᠠᠬᠤ ᠶᠢᠨ ᠬᠠᠮᠲᠤ ᠲᠤᠰᠬᠠᠶᠢᠯᠠᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠰᠠᠭᠠᠳ ᠥᠬᠡᠶ | ᠨᠡᠪᠲᠡᠷᠡᠬᠦ ᠵᠠᠮ ᠢ ᠳᠣᠭᠢᠷᠠᠭᠤᠯᠵᠤ᠂ ᠲᠡᠷᠭᠡ ᠬᠥᠰᠬᠡ ᠶᠢᠨ ᠨᠡᠪᠲᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ︾ ᠭᠡᠵᠤ | ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠢᠩᠭᠠᠨ ᠬᠤᠪᠢᠶᠠᠷᠢ ᠺᠣᠮᠫᠠᠨᠢ ᠶᠢᠨ ᠵᠦᠩ ᠡᠾᠧ | ᠰᠦᠢᠳᠬᠡᠯ ᠬᠤᠷᠢᠶᠠᠬᠤ ᠭᠠᠵᠠᠷ ᠤᠨ ᠳᠠᠷᠤᠭ᠎ᠠ ᠵᠢᠶᠠᠩ ᠪᠦᠦ ᠯᠦᠩ ᠬᠡᠯᠡᠪᠡ᠃ | ︽ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠪᠢᠳᠡᠨ ᠤ ᠵᠦᠩ ᠡᠾᠧ ᠲᠡᠷᠭᠡᠨ ᠵᠤᠭᠰᠤᠭᠠᠯ ᠤᠨ | ᠠᠷᠠᠳ ᠲᠤ ᠲᠥᠬᠦᠮ ᠦᠵᠡᠭᠦᠯᠬᠦ ᠲᠥᠬᠦᠭᠡᠷᠦᠮᠵᠢ ᠬᠠᠩᠭᠠᠵᠤ᠂ ᠲᠡᠷᠭᠡᠨ ᠵᠤᠭᠰᠤᠭᠠᠯ ᠤᠨ ᠶᠡᠭᠡ ᠲᠢᠩᠬᠢᠮ ᠳᠤ | ᠠᠷᠠᠳ ᠲᠤ ᠲᠥᠬᠦᠮ ᠦᠵᠡᠭᠦᠯᠬᠦ ᠤᠶᠢᠯᠡᠴᠢᠯᠡᠭᠡᠨ ᠤ ᠲᠠᠪᠴᠠᠩ ᠭᠠᠷᠭᠠᠵᠤ᠂ ᠦᠨ᠎ᠡ ᠲᠥᠯᠥᠪᠦᠷᠢ ᠥᠬᠡᠶ ᠬᠠᠯᠠᠭᠤᠨ | ᠤᠰᠤ᠂ ᠲᠠᠭᠰᠢᠭᠤᠷ ᠤᠨ ᠡᠮ ᠬᠠᠩᠭᠠᠬᠤ ᠶᠢᠨ ᠬᠠᠮᠳᠤ ᠪᠠᠰᠠ ᠭᠠᠷ ᠤᠳᠠᠰᠤᠨ ᠤ ᠴᠡᠨᠡᠭᠯᠡᠬᠦᠷ᠂ ᠪᠣᠭᠤᠳᠠᠯ | ᠪᠠᠭᠯᠠᠭ᠎ᠠ ᠶᠢ ᠬᠠᠳᠠᠭᠠᠯᠠᠬᠤ ᠵᠡᠷᠭᠡ ᠳᠣᠲᠣᠨᠣ ᠤᠶᠢᠯᠡᠴᠢᠯᠡᠭᠡ ᠬᠠᠩᠭᠠᠵᠤ ᠪᠠᠶᠢᠨ᠎ᠠ︾ ᠭᠡᠵᠦ ᠥᠪᠥᠷ ᠮᠣᠩᠭᠤᠯ ᠤᠨ | ᠵᠠᠮ ᠬᠠᠷᠢᠯᠴᠠᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠢᠩᠭᠠᠨ ᠬᠤᠪᠢᠶᠠᠷᠢ ᠺᠣᠮᠫᠠᠨᠢ ᠶᠢᠨ ᠵᠦᠩ ᠡᠾᠧ | ᠲᠡᠷᠭᠡ ᠵᠤᠭᠰᠤᠭᠠᠬᠤ ᠤᠷᠤᠨ ᠤ ᠳᠡᠳ᠋ ᠡᠷᠬᠢᠯᠡᠭᠴᠢ ᠮᠧᠩ ᠹᠠᠨ ᠰᠢᠤᠸᠠᠢ ᠬᠡᠯᠡᠪᠡ᠃ |