| | ᠴᠠᠭᠠᠨ ᠰᠠᠷ᠎ᠠ ᠬᠦᠷᠴᠤ ᠢᠷᠡᠬᠦ ᠲᠠᠰᠢᠷᠠᠮ ᠢᠶᠠᠷ᠂ ᠡᠷᠡᠭᠦᠯ ᠡᠩᠬᠡ᠂ ᠡᠶ᠎ᠡ ᠵᠣᠬᠢᠴᠠᠩᠭᠤᠢ᠂ ᠪᠣᠯᠪᠠᠰᠤᠨ ᠴᠠᠭᠠᠨ | ᠰᠠᠷ᠎ᠠ ᠶᠢᠨ ᠰᠤᠶᠤᠯ ᠤᠨ ᠤᠷᠴᠢᠨ ᠲᠤᠭᠤᠷᠢᠨ ᠢ ᠪᠤᠢ ᠪᠤᠯᠭᠠᠬᠤ ᠪᠠᠷ᠂ ᠤᠶᠢᠷ᠎ᠠ ᠳᠤ᠂ ᠵᠠᠯᠠᠶᠢᠳ ᠬᠤᠰᠢᠭᠤᠨ ᠤ | ᠬᠤᠯᠪᠤᠭ᠎ᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠪᠠᠯᠭᠠᠰᠤᠨ ᠤ ᠭᠠᠯ | ᠰᠡᠷᠭᠡᠶᠢᠯᠡᠵᠤ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ᠂ ᠬᠤᠤ ᠸᠠᠩ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠷᠳᠡᠭᠡ ᠲᠠᠢ ᠬᠠᠮᠳᠤᠷᠠᠨ ᠴᠠᠭᠠᠨ ᠰᠠᠷ᠎ᠠ ᠠᠴᠠ ᠡᠮᠦᠨᠡᠬᠢ ︽ᠱᠠᠯᠢᠭ ᠵᠠᠪᠠᠭ᠋ᠠᠢ ᠶᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠤᠰᠬᠠᠢ ᠠᠵᠢᠯᠯᠠᠭ᠎ᠠ ᠥᠷᠨᠢᠭᠦᠯᠵᠡᠢ᠃ | ᠪᠠᠶᠢᠴᠠᠭᠠᠯᠲᠠ ᠶᠢᠨ ᠳᠤᠮᠳᠠ᠂ ᠠᠵᠢᠯᠲᠠᠳ ᠬᠠᠷᠢᠶ᠎ᠠ ᠣᠷᠣᠨ ᠤ ᠲᠠᠬᠢᠯᠭ᠎ᠠ ᠶᠢᠨ ᠬᠡᠷᠡᠭᠰᠡᠯ ᠤᠨ ᠳᠡᠯᠭᠡᠭᠦᠷ ᠵᠢᠴᠢ | ᠥᠰᠥᠭ ᠦᠷᠤᠵᠤ ᠳᠠᠷᠤᠮᠠᠯᠯᠠᠬᠤ ᠭᠠᠵᠠᠷ ᠵᠡᠷᠭᠡ ᠡᠵᠡᠩᠨᠡᠯᠲᠡ ᠶᠢᠨ ᠲᠠᠯᠠᠪᠤᠷ ᠭᠠᠵᠠᠷ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠪᠠ᠃ ᠬᠦᠷᠦᠭᠰᠡᠨ ᠭᠠᠵᠠᠷ ᠪᠣᠯᠭᠠᠨ ᠳᠤ᠂ ᠠᠵᠢᠯᠲᠠᠳ ᠲᠣᠭᠲᠠᠭᠠᠯ ᠠᠴᠠ ᠵᠥᠷᠢᠴᠡᠨ ᠡᠵᠡᠩᠨᠡᠵᠤ ᠪᠠᠶᠢᠬᠤ | ᠡᠰᠡᠬᠦ᠂ ᠬᠠᠤᠯᠢ ᠪᠤᠰᠤ ᠬᠡᠪᠯᠡᠭᠳᠡᠬᠦᠨ᠂ ᠲᠠᠬᠢᠯᠭ᠎ᠠ ᠶᠢᠨ ᠬᠡᠷᠡᠭᠰᠡᠯ ᠢ ᠬᠤᠳᠠᠯᠳᠤᠵᠤ ᠪᠠᠶᠢᠬᠤ ᠡᠰᠡᠬᠦ ᠵᠡᠷᠭᠡ ᠪᠠᠶᠢᠳᠠᠯ ᠢ | ᠭᠦᠨᠵᠡᠭᠡᠶ ᠵᠢᠭᠰᠠᠭᠠᠨ ᠪᠠᠶᠢᠴᠠᠭᠠᠪᠠ᠃ ᠡᠭᠦᠨ ᠤ ᠬᠠᠮᠲᠤ᠂ ᠠᠵᠢᠯᠲᠠᠳ ᠡᠵᠡᠩᠨᠡᠯᠲᠡ ᠶᠢᠨ ᠬᠤᠳᠠᠯᠳᠤᠭᠠᠴᠢᠨ ᠡᠷᠦᠬᠡ | ᠪᠣᠯᠤᠨ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠳᠤ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ | ᠥᠮᠴᠢᠲᠡᠨ ᠤ ᠬᠠᠤᠯᠢ ᠶᠢ ᠰᠠᠬᠢᠵᠤ ᠡᠵᠡᠩᠨᠡᠯᠳᠡ ᠬᠢᠬᠦ᠂ ᠪᠣᠯᠪᠠᠰᠤᠨ ᠢᠶᠠᠷ ᠡᠵᠡᠩᠨᠡᠯᠳᠡ ᠬᠢᠬᠦ ᠦᠵᠡᠯ ᠤᠬᠠᠮᠰᠠᠷ ᠢ ᠨᠢ | ᠦᠨᠡᠨ ᠬᠦ ᠳᠡᠭᠡᠭᠰᠢᠯᠡᠭᠦᠯᠵᠦ᠂ ᠣᠯᠠᠨ ᠢ ᠲᠠᠶᠢᠴᠢᠯᠡᠨ ᠵᠢᠯᠣᠭᠤᠳᠴᠤ ᠪᠠᠶᠢᠭᠠᠳ ᠬᠤᠤᠷ ᠬᠥᠨᠥᠭᠡᠯ ᠲᠠᠢ ᠮᠡᠳᠡᠭᠡ | ᠵᠠᠩᠭᠢ ᠵᠢᠴᠢ ᠬᠠᠤᠯᠢ ᠪᠤᠰᠤ ᠬᠡᠪᠯᠡᠭᠳᠡᠬᠦᠨ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠪᠣᠯᠪᠠᠰᠤᠨ᠂ | ᠪᠣᠬᠢᠷᠲᠤᠯ ᠥᠬᠡᠶ᠂ ᠣᠷᠴᠢᠨ ᠲᠣᠭᠤᠷᠢᠨ ᠢ ᠬᠠᠮᠠᠭᠠᠯᠠᠬᠤ ᠲᠠᠬᠢᠯᠭ᠎ᠠ ᠶᠢᠨ ᠠᠷᠭ᠎ᠠ ᠮᠠᠶ᠋ᠢᠭ ᠢ ᠰᠣᠩᠭᠤᠨ᠂ ᠣᠯᠠᠨ | ᠲᠦᠮᠡᠨ ᠤ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠮᠰᠠᠷᠲᠤ | ᠴᠢᠨᠠᠷ ᠪᠣᠯᠤᠨ ᠢᠯᠭᠠᠨ ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃ |