ᠵᠠᠯᠠᠶᠢᠳ ᠬᠤᠰᠢᠭᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠡᠭᠡᠭᠰᠢᠯᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2025/1/21
     ᠤᠶᠢᠷ᠎ᠠ ᠳᠤ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠬᠡᠰᠡᠭ ᠰᠤᠷᠭᠠᠭᠤᠯᠢ ᠶᠢᠨ ᠭᠤᠤᠯᠳᠠᠯᠭ᠎ᠠ ᠲᠠᠢ ᠬᠢᠴᠢᠶᠠᠯ ᠲᠦᠷᠤᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠰᠤᠷᠭᠠᠨ ᠬᠥᠮᠦᠵᠢᠯ ᠤᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠲᠤᠪᠴᠢᠶ᠎ᠠ ᠪᠠᠶᠢᠭᠤᠯᠭ᠎ᠠ ᠨᠢᠭᠡᠴᠢ ᠶᠢᠨ ᠬᠠᠮᠢᠶ᠎ᠠ ᠪᠦᠬᠦᠢ ᠲᠠᠰᠤᠭ ᠤᠨ ᠬᠠᠷᠢᠭᠤᠴᠠᠯᠭᠠᠲᠠᠨ ᠵᠢᠴᠢ ᠢᠨᠳᠡᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ᠂ ᠢᠨᠳᠡᠷ ᠲᠠᠬᠢ ᠬᠤᠶᠠᠳᠤᠭᠠᠷ ᠳᠤᠮᠳᠠᠳᠤ ᠰᠤᠷᠭᠠᠭᠤᠯᠢ᠂ ᠢᠨᠳᠡᠷ ᠲᠠᠬᠢ ᠭᠤᠷᠪᠠᠳᠤᠭᠠᠷ ᠳᠤᠮᠳᠠᠳᠤ ᠰᠤᠷᠭᠠᠭᠤᠯᠢ᠂ ᠢᠨᠳᠡᠷ ᠲᠠᠬᠢ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠵᠠᠬᠢᠷᠤᠯ ᠵᠡᠷᠭᠡ ᠬᠥᠮᠦᠰ ᠬᠤᠷᠠᠯ ᠳᠤ ᠣᠷᠣᠯᠴᠠᠪᠠ᠃ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠢ ᠵᠠᠨ ᠭᠦᠸᠧ ᠬᠤᠷᠠᠯ ᠡᠷᠭᠢᠯᠡᠪᠡ᠃     ᠬᠤᠷᠠᠯ ᠳᠡᠭᠡᠷ᠎ᠡ᠂ ᠡᠯ᠎ᠡ ᠰᠤᠷᠭᠠᠭᠤᠯᠢ ᠭᠤᠤᠯᠳᠠᠯᠭ᠎ᠠ ᠲᠠᠢ ᠰᠢᠨᠵᠢᠯᠡᠭᠡᠨ ᠤ ᠵᠢᠭᠠᠨ ᠰᠤᠷᠭᠠᠯᠲᠠ ᠶᠢᠨ ᠠᠵᠢᠯ ᠤᠨ ᠣᠳᠣᠬᠢ ᠪᠠᠶᠢᠳᠠᠯ ᠪᠠ ᠣᠷᠣᠰᠢᠵᠤ ᠪᠠᠶᠢᠭ᠎ᠠ ᠬᠦᠴᠢᠷᠳᠡᠯ ᠢᠶᠠᠨ ᠬᠠᠷᠢᠭᠤ ᠮᠡᠳᠡᠭᠦᠯᠵᠦ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠨᠡᠷ ᠪᠣᠳᠠᠲᠠᠶ ᠠᠵᠢᠯ ᠤᠨ ᠲᠠᠯ᠎ᠠ ᠪᠠᠷ ᠨᠠᠷᠢᠨ ᠨᠢᠮᠪᠠᠶ ᠪᠠᠶᠢᠷᠢᠯᠠᠭᠤᠯᠤᠯᠲᠠ ᠬᠢᠪᠠ᠃     ᠬᠤᠷᠠᠯ ᠠᠴᠠ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ︽ᠲᠠᠪᠤᠨ ᠵᠤᠶᠢᠯ ᠤᠨ ᠠᠷᠭ᠎ᠠ︾ ᠶᠢᠨ ᠲᠣᠭᠤᠷᠢᠨ ᠳᠤ ᠬᠡᠰᠡᠭ ᠰᠤᠷᠭᠠᠭᠤᠯᠢ ᠶᠢᠨ ᠭᠤᠤᠯᠳᠠᠯᠭ᠎ᠠ ᠲᠠᠢ ᠬᠢᠴᠢᠶᠡᠯ ᠲᠦᠷᠤᠯ ᠤᠨ ᠰᠤᠷᠭᠠᠨ ᠬᠥᠮᠦᠵᠢᠯ  ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠪᠠᠲᠤᠲᠠᠶ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ᠃ ᠨᠢᠭᠡ ᠳᠤ ᠠᠵᠢᠯᠲᠠᠨ ᠢ ᠲᠣᠭᠲᠠᠭᠠᠨ᠎ᠠ᠃ ᠰᠤᠷᠭᠠᠨ ᠬᠥᠮᠦᠵᠢᠯ ᠢ ᠳᠡᠮᠵᠢᠬᠦ᠂ ᠠᠵᠢᠯ ᠤᠨ ᠪᠠᠶᠢᠷᠢ ᠲᠡᠭᠡᠷ᠎ᠡ ᠪᠠᠨ ᠰᠤᠷᠤᠯᠴᠠᠬᠤ ᠵᠡᠷᠭᠡ ᠠᠷᠭ᠎ᠠ ᠪᠠᠷ ᠰᠢᠯᠢᠳᠡᠭ ᠭᠤᠤᠯᠯᠠᠭᠴᠢ ᠪᠠᠭᠰᠢ ᠶᠢ ᠰᠣᠩᠭᠤᠨ ᠲᠣᠮᠢᠯᠠᠵᠤ ᠪᠠᠭᠤᠷᠠᠶ ᠰᠤᠷᠭᠠᠭᠤᠯᠢ ᠳᠤ ᠬᠦᠷᠴᠦ ᠭᠤᠤᠯᠳᠠᠯᠭ᠎ᠠ ᠲᠠᠢ ᠬᠢᠴᠢᠶᠡᠯ ᠲᠥᠷᠥᠯ ᠤᠨ ᠵᠢᠭᠠᠨ ᠰᠤᠷᠭᠠᠯᠲᠠ ᠶᠢᠨ ᠠᠵᠢᠯ ᠢ ᠬᠠᠷᠢᠭᠤᠴᠠᠭᠤᠯᠵᠤ᠂ ᠪᠦᠯᠦᠭᠵᠢᠭᠦᠯᠦᠨ ᠰᠤᠷᠭᠠᠭᠤᠯᠢ ᠡᠷᠭᠢᠯᠡᠬᠦ ᠪᠠᠷ ᠳᠠᠮᠵᠢᠭᠤᠯᠤᠨ᠂ ᠰᠤᠷᠭᠠᠭᠤᠯᠢ ᠶᠢᠨ ᠬᠤᠭᠤᠷᠣᠨᠳᠣᠬᠢ ᠰᠣᠯᠢᠯᠴᠠᠭ᠎ᠠ  ᠬᠠᠮᠲᠤᠷᠠᠯᠴᠠᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂ ᠬᠠᠮᠲᠤ ᠪᠠᠷ ᠬᠢᠴᠢᠶᠡᠯ ᠪᠡᠯᠡᠳᠬᠡᠵᠦ᠂ ᠵᠡᠷᠭᠡ ᠪᠠᠷ ᠵᠢᠭᠠᠨ ᠰᠤᠳᠤᠯᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠶᠠᠰᠤ ᠴᠢᠨᠠᠷ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠲᠦᠷᠭᠡᠳᠬᠡᠨ ᠠᠬᠢᠭᠤᠯᠬᠤ ᠬᠡᠷᠡᠭᠳᠡᠢ᠃ ᠬᠤᠶᠠᠷ ᠲᠤ᠂ ᠴᠠᠭ ᠢ ᠲᠤᠭᠳᠠᠭᠠᠨ᠎ᠠ᠃ ᠡᠪᠦᠯ ᠵᠣᠨ ᠤ ᠠᠮᠠᠷᠠᠯᠲᠠ᠂ ᠭᠠᠷᠠᠭ ᠪᠦᠷᠢ ᠰᠤᠷᠭᠠᠭᠤᠯᠢ ᠳᠠᠭᠠᠨ ᠪᠤᠴᠠᠭᠰᠠᠨ ᠡᠳᠦᠷ ᠤᠨ ᠦᠳᠡ ᠶᠢᠨ ᠬᠤᠶᠢᠨ᠎ᠠ᠂ ᠡᠷᠲᠡ ᠣᠷᠣᠢ ᠶᠢᠨ ᠳᠠᠪᠲᠠᠯᠭ᠎ᠠ᠂ ᠬᠢᠴᠢᠶᠡᠯᠯᠡᠬᠦ ᠡᠳᠦᠷ ᠤᠨ ᠨᠠᠢᠮᠠᠳᠤᠭᠠᠷ ᠬᠢᠴᠢᠶᠡᠯ ᠤᠨ ᠴᠠᠭ ᠢᠶᠠᠨ ᠭᠦᠢᠴᠡᠳ ᠠᠰᠢᠭᠯᠠᠨ ᠰᠢᠰᠲ᠋ᠧᠮ ᠲᠠᠢ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠳᠡᠢ᠃ ᠭᠤᠷᠪᠠ ᠳᠤ ᠬᠢᠴᠢᠶᠡᠯᠯᠡᠬᠦ ᠴᠠᠭ  ᠢᠶᠠᠨ ᠲᠣᠭᠲᠠᠭᠠᠨ᠎ᠠ᠃ ᠪᠦᠬᠦᠯᠢ ᠴᠣᠭᠴᠠ ᠶᠢᠨ ᠬᠢᠴᠢᠶᠡᠯᠯᠡᠬᠦ ᠴᠠᠭ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠂ ᠡᠯ᠎ᠡ ᠬᠢᠴᠢᠶᠡᠯ ᠲᠦᠷᠤᠯ ᠤᠨ ᠬᠢᠴᠢᠶᠡᠯᠯᠡᠬᠦ ᠴᠠᠭ ᠤᠨ ᠬᠤᠪᠢᠶᠠᠷᠢᠯᠠᠯ ᠢ ᠰᠢᠯᠢᠳᠡᠭᠵᠢᠭᠦᠯᠦᠨ᠂ ᠡᠯ᠎ᠡ ᠣᠨ ᠤ ᠡᠯ᠎ᠡ ᠰᠤᠷᠤᠯᠭ᠎ᠠ ᠶᠢᠨ ᠬᠡᠰᠡᠭ ᠤᠨ ᠭᠠᠷᠠᠭ ᠪᠦᠷᠢ ᠶᠢᠨ ᠶᠡᠷᠦᠩᠬᠡᠶ ᠬᠢᠴᠢᠶᠡᠯ ᠤᠨ ᠴᠠᠭ ᠤᠨ ᠬᠡᠮᠵᠢᠶ᠎ᠡ ᠶᠢ ᠲᠣᠳᠣᠷᠬᠠᠶᠢᠯᠠᠵᠤ᠂ ᠰᠤᠷᠤᠭᠴᠢᠳ ᠤᠨ ᠰᠤᠷᠤᠯᠴᠠᠬᠤ ᠭᠦᠢᠴᠡᠳ ᠴᠠᠭ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠳᠠᠯᠢ ᠪᠤᠰᠤ ᠬᠢᠴᠢᠶᠡᠯ ᠲᠥᠷᠥᠯ ᠤᠨ ᠰᠢᠨᠵᠢ ᠴᠢᠨᠠᠷ ᠪᠣᠯᠤᠨ ᠵᠢᠭᠠᠨ ᠰᠤᠷᠭᠠᠬᠤ ᠬᠠᠷᠠᠯᠲᠠ ᠶᠢ ᠦᠨᠳᠦᠰᠦᠯᠡᠨ᠂ ᠡᠯ᠎ᠡ ᠬᠢᠴᠢᠶᠡᠯ ᠲᠥᠷᠥᠯ ᠤᠨ ᠬᠢᠴᠢᠶᠡᠯᠯᠡᠬᠦ ᠴᠠᠭ ᠲᠤ ᠨᠠᠷᠢᠨ ᠨᠢᠭᠲᠠ ᠲᠣᠬᠢᠷᠠᠭᠤᠯᠤᠯᠲᠠ ᠬᠢᠨ᠎ᠡ᠃ ᠬᠡᠯᠡ ᠪᠢᠴᠢᠭ᠂ ᠲᠣᠭᠠᠨ ᠤ ᠤᠬᠠᠭᠠᠨ᠂ ᠠᠩᠭ᠍ᠯᠢ ᠬᠡᠯᠡ ᠵᠡᠷᠭᠡ ᠭᠤᠣᠯᠳᠠᠯᠭ᠎ᠠ ᠲᠠᠢ ᠬᠢᠴᠢᠶᠡᠯ ᠲᠦᠷᠤᠯ ᠳᠡᠭᠡᠷ᠎ᠡ᠂ ᠭᠦᠢᠴᠡᠳ ᠬᠢᠴᠢᠶᠡᠯ  ᠤᠨ ᠴᠠᠭ ᠢ ᠪᠠᠳᠤᠯᠠᠨ ᠰᠤᠷᠤᠭᠴᠢᠳ ᠤᠨ ᠮᠡᠳᠡᠯᠭᠡ ᠶᠢᠨ ᠰᠠᠭᠤᠷᠢ ᠶᠢ ᠳᠡᠭᠡᠭᠰᠢᠯᠡᠭᠦᠯᠬᠦ ᠬᠡᠷᠡᠭᠳᠡᠢ᠃ ᠲᠦᠷᠪᠡ ᠳᠤ ᠬᠠᠷᠠᠯᠲᠠ ᠪᠠᠨ ᠲᠣᠭᠲᠠᠭᠠᠨ᠎ᠠ᠃ ᠰᠤᠷᠭᠠᠭᠤᠯᠢ ᠪᠤᠯᠤᠨ ᠰᠤᠷᠤᠯᠭ᠎ᠠ ᠶᠢᠨ ᠪᠠᠶᠢᠳᠠᠯ ᠳᠤ ᠰᠠᠭᠤᠷᠢᠯᠠᠨ᠂ ᠶᠠᠰᠤ ᠴᠢᠨᠠᠷ ᠢ ᠬᠢᠨᠠᠨ ᠬᠡᠮᠵᠢᠭᠰᠡᠨ ᠠᠮᠵᠢᠯᠲᠠ ᠪᠦᠲᠦᠮᠵᠢ᠂ ᠬᠢᠴᠢᠶᠡᠯ ᠲᠦᠷᠤᠯ ᠤᠨ ᠰᠢᠯᠭᠠᠯᠲᠠ ᠳᠤ ᠪᠡᠯᠡᠳᠬᠡᠭᠰᠡᠨ ᠪᠠᠶᠢᠳᠠᠯ ᠲᠠᠢ ᠤᠶᠠᠯᠳᠤᠭᠤᠯᠤᠨ᠂ ᠵᠠᠳᠠᠯᠤᠯᠲᠠ ᠶᠢ ᠭᠦᠢᠴᠡᠳ ᠰᠠᠶᠢᠲᠤᠷ ᠬᠢᠵᠦ᠂  ᠭᠤᠤᠯᠳᠠᠯᠭ᠎ᠠ ᠲᠠᠢ ᠬᠢᠴᠢᠶᠡᠯ ᠲᠦᠷᠤᠯ ᠤᠨ ᠰᠤᠷᠤᠭᠴᠢᠳ ᠤᠨ ᠰᠤᠷᠤᠯᠭ᠎ᠠ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂  ᠨᠢᠭᠡ ᠰᠤᠷᠤᠭᠴᠢ  ᠳᠤ ᠨᠢᠭᠡ ᠲᠦᠷᠤ ᠶᠢᠨ ᠪᠤᠳᠤᠯᠭ᠎ᠠ ᠶᠢ ᠬᠡᠷᠡᠭᠵᠢᠬᠦᠯᠵᠤ᠂ ᠱᠠᠳᠤ ᠬᠤᠪᠢᠶᠠᠨ ᠠᠬᠢᠭᠤᠯᠬᠤ ᠶᠢ ᠪᠡᠶᠡᠯᠡᠭᠦᠯᠬᠦ ᠬᠡᠷᠡᠭᠳᠡᠢ᠃ ᠲᠠᠪᠤ ᠳᠤ  ᠬᠢᠨᠠᠨ ᠰᠢᠯᠭᠠᠯᠳᠠ ᠶᠢ ᠲᠣᠭᠲᠠᠭᠠᠨ᠎ᠠ᠃ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠬᠢᠨᠠᠨ ᠰᠢᠯᠭᠠᠬᠤ ᠲᠣᠭᠲᠠᠴᠠ ᠶᠢ ᠲᠣᠭᠲᠠᠭᠠᠬᠤ ᠪᠠᠷ ᠳᠠᠮᠵᠢᠭᠤᠯᠤᠨ᠂ ᠡᠯ᠎ᠡ ᠲᠠᠯ᠎ᠠ ᠶᠢᠨ  ᠬᠦᠴᠤᠨ ᠪᠠᠭᠤᠷᠠᠶ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠠᠭᠰᠢ ᠶᠢᠨ ᠵᠢᠭᠠᠨ ᠰᠤᠷᠭᠠᠯᠲᠠ ᠶᠢᠨ ᠢᠳᠡᠪᠬᠢᠵᠢᠯ ᠢ ᠳᠡᠭᠡᠭᠰᠢᠯᠡᠭᠦᠯᠦᠨ᠂ ᠡᠴᠦᠰ ᠲᠡᠭᠡᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠬᠦ ᠶᠢ ᠪᠡᠶᠡᠯᠡᠭᠦᠯᠵᠦ᠂ ᠴᠢᠨᠠᠷ ᠰᠠᠶᠢᠲᠠᠶ ᠰᠤᠷᠭᠠᠭᠤᠯᠢ ᠯᠤᠭ᠎ᠠ ᠶᠢᠨ ᠵᠥᠷᠢᠶ᠎ᠡ ᠪᠠᠨ ᠪᠠᠭᠠᠰᠬᠠᠨ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠬᠡᠷᠡᠭᠳᠡᠢ ᠭᠡᠵᠤ ᠴᠢᠬᠤᠯᠠᠴᠢᠯᠠᠵᠠᠢ᠃  
 
ᠢᠷᠡᠯᠲᠡ᠄ ᠵᠠᠯᠠᠶᠢᠳ ᠤᠨ ᠰᠤᠷᠭᠠᠨ ᠬᠦᠮᠦᠵᠢᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号