ᠵᠠᠯᠠᠶᠢᠳ ᠬᠤᠰᠢᠭᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ ᠪᠤᠢ
ᠨᠡᠶᠢᠲᠡᠯᠡᠭᠰᠡᠨ ᠴᠠᠭ᠄
2025/1/21
          ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠪᠠᠷ᠂ ᠤᠶᠢᠷ᠎ᠠ ᠶᠢᠨ ᠬᠡᠳᠤᠨ ᠡᠳᠤᠷ ᠲᠤ᠂ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠱᠠᠨᠳᠦ᠋ᠩ ᠤᠨ ᠴᠢᠩᠳᠣᠤ ᠶᠢᠨ ᠬᠤᠤ ᠵᠢᠶᠠᠩ ᠡᠯᠧᠺᠲᠷᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠴᠢᠩᠳᠣᠤ ᠶᠢᠨ ᠬᠠᠢ ᠡᠯ ᠬᠥᠯᠳᠡᠭᠡᠬᠦ ᠴᠠᠬᠢᠯᠭᠠᠨ ᠬᠡᠷᠡᠭᠰᠡᠯ ᠤᠨ ᠬᠢᠵᠠᠭᠠᠷᠲᠤ ᠺᠣᠮᠫᠠᠨᠢ᠂ ᠰᠢ ᠰᠢᠩ ᠡᠯᠧᠺᠲᠷᠤᠨ ︵ᠶᠠᠨ ᠲᠠᠢ︶ ᠬᠢᠵᠠᠭᠠᠷᠲᠤ ᠺᠣᠮᠫᠠᠨᠢ᠂ ᠵᠢᠩ ᠯᠢ ᠪᠦᠯᠦᠭᠯᠡᠯ ᠵᠡᠷᠭᠡ 8 ᠠᠵᠤ ᠠᠬᠤᠶᠢᠯᠠᠯ ᠢᠶᠠᠷ ᠬᠦᠷᠴᠦ᠂ ᠬᠥᠳᠡᠯᠮᠦᠷᠢ ᠬᠦᠴᠦᠨ ᠤ ᠬᠠᠮᠵᠢᠯᠴᠠᠭ᠎ᠠ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ᠂ 5 ᠠᠵᠤ ᠠᠬᠤᠶᠢᠯᠠᠯ ᠲᠠᠢ ᠴᠡᠭ ᠠᠴᠠ ᠴᠡᠭ ᠲᠤ ᠬᠦᠷᠬᠦ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠬᠡᠯᠡᠯᠴᠡᠭᠡᠷ ᠲᠣᠭᠲᠠᠪᠠ᠃    ᠤᠢᠢᠷ᠎ᠠ ᠶᠢᠨ ᠵᠢᠯ ᠠᠴᠠ ᠨᠠᠰᠢ᠂ ᠵᠠᠯᠠᠶᠢᠳ ᠬᠤᠰᠢᠭᠤ ︽ᠦᠢᠯᠡᠴᠢᠯᠡᠭᠡ ᠶᠢ ᠳᠡᠭᠡᠳᠦᠯᠡᠬᠦ᠂ ᠦᠨᠡᠨᠴᠢ ᠢᠲᠡᠭᠡᠮᠵᠢ ᠪᠠᠷ ᠦᠨᠳᠦᠰᠦ ᠪᠣᠯᠭᠠᠬᠤ᠂ ᠬᠠᠩᠭᠠᠯᠭ᠎ᠠ ᠬᠡᠷᠡᠭᠴᠡᠭᠡ ᠶᠢ ᠲᠠᠶᠢᠴᠢᠯᠡᠨ ᠵᠢᠯᠣᠭᠤᠳᠬᠤ᠂ ᠤᠨᠢᠨ ᠳᠡᠭᠡᠷ᠎ᠡ ᠨᠢ ᠵᠣᠯᠭᠠᠭᠤᠯᠬᠤ︾ ᠵᠠᠷᠴᠢᠮ ᠢᠶᠠᠷ᠂ ᠣᠷᠣᠨ ᠪᠦᠰᠡ ᠠᠯᠤᠰᠯᠠᠭᠰᠠᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠰᠠᠭᠤᠷᠢᠨ ᠢ ᠪᠠᠶᠢᠭᠤᠯᠬᠤ ᠪᠠᠷ ᠳᠠᠮᠵᠢᠭᠤᠯᠤᠨ᠂ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ᠂ ᠬᠥᠳᠡᠯᠮᠦᠷᠢ ᠦᠢᠯᠡᠴᠢᠯᠡᠭᠡ ᠣᠷᠣᠭᠤᠯᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠠᠵᠢᠯ ᠣᠯᠭᠤᠯᠲᠠ ᠶᠢᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠡᠮᠬᠢ ᠵᠢᠷᠤᠮ ᠲᠠᠢ ᠪᠠᠷ ᠰᠢᠯᠵᠢᠭᠦᠯᠵᠦ᠂ ᠠᠵᠢᠯ ᠣᠯᠤᠭᠰᠠᠳ ᠤᠨ ᠲᠣᠭᠲᠠᠭᠤᠨ ᠢᠶᠠᠷ ᠠᠵᠢᠯ ᠤᠯᠬᠤ᠂ ᠭᠦᠢᠴᠡᠳ ᠠᠵᠢᠯ ᠤᠯᠬᠤ ᠶᠢ ᠠᠬᠢᠭᠤᠯᠵᠤ ᠪᠤᠢ᠃ ᠣᠳᠣᠬᠠᠨ ᠳᠤ᠂ ᠵᠠᠯᠠᠶᠢᠳ ᠬᠤᠰᠢᠭᠤ ᠨᠢᠭᠡᠨᠲᠡ ᠭᠤᠸᠠᠩᠳᠦ᠋ᠩ ᠮᠣᠵᠢ᠂ ᠵᠧᠵᠢᠶᠠᠩ ᠮᠤᠵᠢ᠂ ᠱᠠᠨᠳᠦ᠋ᠩ ᠮᠤᠵᠢ ᠵᠡᠷᠭᠡ ᠭᠠᠵᠠᠷ ᠯᠤᠭ᠎ᠠ ᠴᠡᠭ ᠠᠴᠠ ᠴᠡᠭ ᠲᠤ ᠬᠦᠷᠬᠦ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ 14 ᠰᠠᠭᠤᠷᠢᠨ ᠭᠠᠵᠠᠷ ᠲᠠᠢ ᠭᠡᠷ᠎ᠡ ᠲᠣᠭᠲᠠᠵᠤ᠂ 1100 ᠭᠠᠷᠤᠶ ᠬᠥᠮᠦᠨ ᠢ ᠰᠢᠭᠤᠳ ᠪᠤᠶᠤ ᠲᠠᠮ ᠢᠶᠠᠷ ᠬᠠᠪᠰᠤᠷᠤᠨ ᠲᠡᠳᠬᠦᠵᠦ  ᠠᠵᠢᠯ ᠤᠯᠭᠤᠭᠰᠠᠨ ᠪᠠᠶᠢᠨ᠎ᠠ᠃     ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠴᠢᠨᠠᠷ ᠰᠠᠶᠢᠲᠠᠢ ᠪᠦᠷᠢᠨ ᠭᠦᠢᠴᠡᠳ᠂  ᠲᠤᠭᠳᠠᠪᠤᠷᠢᠳᠠᠢ ᠠᠵᠢᠯ ᠤᠯᠬᠤ ᠶᠢ ᠠᠬᠢᠭᠤᠯᠬᠤ ᠶᠢᠨ ᠲᠦᠯᠦᠭᠡ᠂ ᠵᠠᠯᠠᠶᠢᠳ ᠬᠤᠰᠢᠭᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠂ ᠠᠵᠢᠯ ᠣᠯᠭᠤᠯᠲᠠ ᠶᠢ ᠪᠠᠲᠤᠯᠠᠬᠤ ᠶᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠤᠯᠠᠨ ᠵᠦᠢᠯ ᠤᠨ ᠬᠡᠯᠪᠡᠷᠢ ᠪᠠᠷ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠪᠣᠯᠪᠠᠰᠤᠷᠠᠯ ᠢ ᠴᠢᠩᠭᠠᠳᠬᠠᠵᠤ᠂ ᠨᠠᠰᠤ ᠠᠬᠢᠭᠰᠨᠨ᠂ ᠵᠡᠮᠳᠡᠭ ᠬᠦᠮᠤᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠵᠡᠷᠭᠡ ᠠᠵᠢᠯ ᠤᠯᠬᠤ ᠳᠤ ᠬᠦᠴᠢᠷᠲᠡᠢ ᠬᠥᠮᠦᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠥᠷᠭᠡᠨ ᠤᠯᠠᠨ ᠬᠥᠳᠡᠯᠮᠦᠷᠢᠴᠢᠳ ᠤᠨ ᠬᠦᠷᠲᠡᠮᠵᠢ ᠶᠢᠨ ᠲᠦᠷᠦᠭᠳᠡᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠤ ᠪᠤᠢ᠃     2024 ᠤᠨ ᠠᠴᠠ ᠨᠠᠰᠢ᠂ ᠵᠠᠯᠠᠶᠢᠳ ᠬᠤᠰᠢᠭᠤ ᠤᠷᠢᠬᠠᠨ ᠰᠠᠯᠬᠢᠨ ᠤ ᠠᠵᠢᠯᠯᠠᠭ᠎ᠠ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠬᠠᠮᠵᠢᠯᠴᠠᠭ᠎ᠠ ᠵᠡᠷᠭᠡ 222 ᠲᠠᠯᠠᠪᠤᠷ ᠤᠳᠠᠭ᠎ᠠ ᠶᠢᠨ ᠠᠵᠢᠯᠲᠠᠨ ᠡᠯᠰᠡᠬᠦ ᠠᠵᠢᠯᠯᠠᠭ᠎ᠠ ᠶᠢ ᠥᠷᠨᠢᠭᠦᠯᠵᠦ᠂ ᠣᠷᠣᠨ ᠤ ᠭᠠᠳᠠᠨᠠᠬᠢ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠰᠠᠭᠤᠷᠢᠨ ᠭᠠᠵᠠᠷ ᠢ 9 ᠪᠠᠶᠢᠭᠤᠯᠵᠤ᠂ ᠬᠤᠲᠠ ᠪᠠᠯᠭᠠᠰᠤᠨ ᠤ 1126 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠭᠠᠳᠠᠭᠰᠢ ᠰᠢᠯᠵᠢᠭᠦᠯᠦᠨ 22188 ᠬᠦᠮᠤᠨ ᠳᠤ ᠠᠵᠢᠯ ᠣᠯᠭᠤᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号