ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2025/1/21
    1 ᠰᠠᠷ᠎ᠠ ᠶᠢᠨ 20 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠬᠢᠯᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠪᠣᠯᠣᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠬᠤᠷᠠᠯ ᠡᠷᠭᠢᠯᠡᠭᠰᠡᠨ ᠪᠦᠭᠡᠳ ᠶᠠᠷᠢᠶ᠎ᠠ ᠲᠠᠯᠪᠢᠪᠠ᠃   ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠨᠡᠨ ᠬᠦ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠰᠤᠷᠤᠯᠴᠠᠬᠤ ᠰᠠᠬᠢᠯᠭ᠎ᠠ ᠪᠠᠳᠤ ᠶᠢ ᠮᠡᠳᠡᠬᠦ ᠰᠠᠬᠢᠯᠭ᠎ᠠ ᠪᠠᠲᠤ ᠶᠢ ᠣᠶᠢᠯᠠᠭᠠᠬᠤ ᠰᠠᠬᠢᠯᠭ᠎ᠠ ᠪᠠᠲᠤ ᠶᠢ ᠰᠠᠬᠢᠬᠤ ᠶᠢ ᠪᠠᠶᠢᠩᠭᠤᠵᠢᠭᠤᠯᠤᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠳᠣᠲᠣᠭᠠᠳᠤ ᠬᠥᠭᠡᠭᠡᠴᠡᠯᠳᠦᠯ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ︽ᠲᠦᠷᠪᠡᠨ ᠰᠤᠷᠲᠠᠯ︾ ᠢ ᠪᠠᠶᠢᠩᠭᠤ ᠤᠷᠳᠤ ᠬᠤᠭᠤᠴᠠᠭ᠎ᠠ ᠪᠠᠷ ᠵᠠᠯᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠪᠣᠯᠤᠨ ᠠᠵᠢᠯ ᠬᠢᠵᠦ ᠦᠢᠯᠡᠰ ᠪᠤᠰᠬᠠᠬᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠠᠮᠢᠶ᠎ᠠ ᠪᠥᠬᠦᠶ ᠪᠡᠯᠡᠳᠬᠡᠯ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠬᠤᠰᠢᠭᠤᠨ ᠲᠡᠰ ᠤᠨ ᠤᠳᠤᠷᠢᠳᠤᠯᠭ᠎ᠠ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠰᠠᠶᠢᠳᠤᠷ ᠲᠤᠭᠤᠷᠪᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠨᠢ ᠠᠰᠠᠭᠤᠳᠠᠯ ᠳᠤ ᠰᠢᠭᠤᠳ ᠬᠠᠨᠳᠤᠵᠤ᠂ ᠬᠤᠷᠠᠯ ᠤᠨ ᠦᠨᠡᠨ ᠪᠣᠳᠠᠲᠠᠶ ᠦᠷ᠎ᠡ ᠪᠦᠲᠦᠭᠡᠯ ᠭᠠᠷᠭᠠᠬᠤ ᠶᠢ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号