ᠬᠤᠯᠪᠣᠭ᠎ᠠ ᠪᠠᠯᠭᠠᠰᠤ ᠶᠢᠨ ᠰᠠᠭᠤᠭᠠᠯᠢ ᠠᠷᠠᠳ ᠰᠢᠨ᠎ᠡ ᠬᠡᠷ ᠲᠡᠭᠡᠨ ᠨᠡᠬᠦᠵᠤ ᠪᠠᠶᠠᠷ ᠬᠦᠷ ᠲᠠᠢ ᠪᠠᠷ ᠴᠠᠭᠠᠨ ᠰᠠᠷ᠎ᠠ ᠪᠠᠨ ᠤᠭᠳᠤᠨ᠎ᠠ
ᠨᠡᠶᠢᠲᠡᠯᠡᠭᠰᠡᠨ ᠴᠠᠭ᠄
2025/1/22
          ᠰᠢᠨ᠎ᠠ ᠠᠮᠢᠳᠤᠷᠠᠯ ᠰᠢᠨ᠎ᠠ ᠡᠬᠢᠯᠡᠯᠲᠡ᠃ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠨᠡᠮᠡᠭᠳᠡᠯ ᠬᠠᠰᠤᠭᠳᠠᠯ ᠲᠠᠢ ᠨᠢ ᠬᠤᠯᠪᠣᠭᠳᠠᠭᠤᠯᠬᠤ ᠲᠦᠷᠦᠯ ᠵᠦᠢᠯ ᠤᠨ ᠪᠤᠴᠠᠭᠠᠨ ᠨᠡᠭᠦᠯᠭᠡᠵᠤ ᠲᠥᠪᠬᠢᠨᠡᠭᠦᠯᠬᠦ ᠠᠵᠢᠯ ᠤᠨ ᠢᠯᠠᠯᠲᠠ ᠲᠠᠢ ᠪᠠᠷ ᠲᠡᠭᠦᠰᠬᠦ ᠶᠢ ᠳᠠᠭᠠᠯᠳᠤᠨ᠂ ᠡᠯ᠎ᠡ ᠲᠥᠪᠬᠢᠨᠡᠭᠦᠯᠬᠦ ᠲᠣᠭᠤᠷᠢᠭ ᠤᠨ ᠬᠢᠨ ᠰᠢᠨ᠎ᠠ ᠤᠷᠤᠨ ᠰᠠᠭᠤᠴᠠ  ᠳᠤ ᠨᠡᠬᠦᠵᠤ ᠴᠠᠭᠠᠨ ᠰᠠᠷ᠎ᠠ ᠪᠠᠨ ᠤᠭᠲᠤᠬᠤ ᠠᠩᠬᠠᠳᠠᠭᠴᠢ ᠪᠦᠯᠦᠭ ᠲᠣᠰᠬᠤᠨ ᠤ ᠠᠷᠠᠳ ᠢᠶᠠᠨ ᠤᠭᠲᠤᠨ ᠠᠪᠴᠢᠷᠠᠯ᠎ᠠ᠃ ᠴᠠᠭᠠᠨ ᠰᠠᠷ᠎ᠠ ᠬᠦᠷᠴᠤ ᠢᠷᠡᠬᠦ ᠲᠠᠰᠢᠷᠠᠮ ᠢᠶᠠᠷ᠂  ᠲᠣᠰᠬᠤᠨ ᠤ ᠠᠷᠠᠳ ᠤᠨ ᠠᠰᠠᠷ ᠳᠡᠭᠡᠷᠡᠬᠢ ᠠᠩᠬᠠᠳᠠᠭᠴᠢ ᠰᠢᠨ᠎ᠡ ᠵᠢᠯ ᠤᠨ ᠪᠡᠯᠡᠳᠬᠡᠯ ᠢᠶᠠᠨ ᠬᠢᠭᠡᠳ ᠶᠠᠮᠠᠷ ᠵᠡᠷᠭᠡ ᠪᠤᠯᠵᠤ ᠪᠠᠶᠢᠭ᠎ᠠ ᠪᠤᠯ︖    ᠰᠢᠨ᠎ᠡ ᠵᠢᠯ ᠰᠢᠨ᠎ᠡ ᠲᠦᠷᠰᠤ ᠪᠠᠶᠢᠳᠠᠯ᠂ ᠰᠢᠨ᠎ᠠ ᠭᠡᠷ ᠰᠢᠨ᠎ᠡ ᠬᠦᠰᠡᠯ ᠡᠷᠡᠮᠡᠯᠵᠡᠯ᠃ ᠭᠡᠷ ᠣᠷᠣᠨ ᠢᠶᠠᠨ ᠳᠠᠬᠢᠨ ᠪᠦᠲᠦᠭᠡᠨ ᠪᠠᠶᠢᠭᠤᠯᠬᠤ ᠠᠴᠠ ᠠᠮᠢᠳᠤᠷᠠᠯ ᠢᠶᠠᠨ ᠪᠦᠬᠦ ᠲᠠᠯ᠎ᠠ ᠪᠠᠷ ᠰᠠᠶᠢᠵᠢᠷᠠᠭᠤᠯᠬᠤ ᠬᠦᠷᠲᠡᠯ᠎ᠡ᠂ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠨᠡᠮᠡᠭᠳᠡᠯ ᠬᠠᠰᠤᠭᠳᠠᠯ ᠲᠠᠢ ᠨᠢ ᠬᠤᠯᠪᠤᠭᠳᠠᠭᠤᠯᠬᠤ ᠲᠦᠷᠦᠯ ᠵᠦᠢᠯ ᠤᠨ ᠪᠤᠴᠠᠭᠠᠨ ᠨᠡᠬᠦᠯᠭᠡᠵᠤ ᠲᠥᠪᠬᠢᠨᠡᠭᠦᠯᠬᠦ ᠲᠣᠭᠤᠷᠢᠭ ᠤᠨ ᠲᠣᠰᠬᠤᠨ ᠤ ᠠᠷᠠᠳ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂  ᠬᠡᠬᠦᠳᠡᠭ ᠲᠦᠬᠦᠷᠡᠩ ᠬᠦᠰᠡᠯ ᠡᠷᠡᠮᠡᠯᠵᠡᠯ ᠪᠠ ᠪᠠᠶᠠᠷ ᠬᠦᠷ ᠲᠠᠢ ᠪᠠᠷ ᠥᠪᠡᠷ ᠤᠨ ᠭᠡᠰᠡᠨ ᠰᠠᠶᠢᠨ ᠰᠠᠶᠢᠬᠠᠨ ᠠᠮᠢᠳᠤᠷᠠᠯ ᠢᠶᠠᠨ ᠴᠤᠭᠴᠠᠯᠠᠨ᠎ᠠ᠃    ᠡᠪᠦᠯ ᠤᠨ ᠡᠳᠦᠷ ᠤᠨ ᠦᠷᠯᠦᠭᠡ᠂  ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠪᠣᠴᠠᠭᠠᠨ ᠨᠡᠭᠦᠯᠭᠡᠵᠦ ᠲᠥᠪᠬᠢᠨᠡᠭᠦᠯᠬᠦ ᠲᠤᠭᠤᠷᠢᠭ ᠤᠨ ᠮᠦᠷ ᠮᠦᠷ ᠴᠣ ᠰᠢᠨ᠎ᠡ ᠠᠰᠠᠷ ᠨᠡᠷᠡᠨ ᠤ ᠭᠡᠷᠡᠯ ᠲᠤ ᠬᠢᠯᠠᠯᠵᠠᠨ᠎ᠠ᠃ ᠱᠦᠢ ᠲᠢᠶᠠᠨ ᠰᠢᠨ᠎ᠠ ᠲᠣᠰᠬᠤᠨ ᠤ ᠠᠷᠠᠳ ᠵᠢᠶᠠ ᠬᠦᠢ ᠫᠢᠩ ᠴᠠᠭᠠᠨ ᠰᠠᠷ᠎ᠠ ᠪᠤᠯᠬᠤ ᠲᠠᠰᠢᠷᠠᠮ ᠢᠶᠠᠷ ᠰᠢᠨ᠎ᠠ ᠭᠡᠷ ᠲᠡᠭᠡᠨ ᠨᠡᠬᠦᠨ ᠤᠷᠤᠭᠠᠳ ᠲᠦᠢᠯ ᠢᠶᠠᠷ ᠪᠠᠶᠠᠷᠯᠠᠨ᠎ᠠ᠃ ᠲᠡᠭᠦᠨ ᠤ 100 ᠲᠡᠭᠰᠢ ᠳᠥᠷᠪᠡᠯᠵᠢᠨ ᠮᠧᠲᠷ ᠤᠨ ᠰᠢᠨ᠎ᠡ ᠭᠡᠷ ᠨᠢ ᠠᠭᠤᠵᠢᠮ ᠰᠠᠷᠠᠭᠤᠯ᠂ ᠲᠤᠯᠠᠭᠠᠨ ᠲᠠᠭᠠᠯᠠᠮᠵᠢᠲᠠᠶ᠂ ᠴᠣᠩᠬᠤ ᠨᠢ ᠴᠡᠪᠡᠷ ᠲᠤᠩᠭᠠᠯᠠᠭ᠃ ᠬᠡᠳᠦᠨ ᠡᠳᠦᠷ ᠤᠨ ᠳᠠᠷᠠᠭ᠎ᠠ ᠨᠢᠭᠡ ᠭᠡᠷ ᠢᠶᠠᠷ ᠢᠶᠠᠨ ᠪᠠᠶᠠᠷ ᠪᠠᠶᠠᠰᠬᠤᠯᠠᠩᠲᠠᠢ ᠪᠠᠷ ᠰᠢᠨ᠎ᠡ ᠭᠡᠷ ᠲᠡᠭᠡᠨ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠤᠳᠤᠮᠠᠭᠴᠠ ᠲᠤᠳᠤᠷ᠎ᠠ ᠪᠠᠨ ᠶᠠᠬᠡᠪᠡᠷ ᠬᠦᠭᠰᠡᠨ ᠪᠠᠶᠠᠷᠯᠠᠨ᠎ᠠ᠃    ︽ᠪᠢᠳᠡ 2024 ᠣᠨ ᠤ 12 ᠰᠠᠷ᠎ᠠ ᠶᠢᠨ ᠰᠡᠭᠦᠯᠴᠢ ᠪᠠᠷ ᠨᠡᠬᠦᠵᠤ ᠢᠷᠡᠭᠰᠡᠨ ᠶᠤᠮ᠂ ᠭᠡᠷ ᠪᠠᠶᠢᠰᠢᠩ ᠤᠨ ᠪᠠᠶᠢᠷᠢᠰᠢᠯ ᠪᠠ ᠭᠡᠷᠡᠯ ᠤᠨ ᠲᠤᠰᠤᠯᠳᠠ ᠴᠦᠮ ᠮᠠᠰᠢ ᠰᠠᠶᠢᠨ᠂ ᠤᠳᠤ ᠬᠥᠭᠰᠢᠨ ᠪᠢᠳᠡ ᠬᠤᠶᠠᠭᠤᠯᠠ ᠭᠡᠷ ᠪᠠᠶᠢᠰᠢᠩ  ᠢᠶᠠᠨ ᠲᠡᠭᠰᠢᠯᠡᠨ ᠴᠡᠪᠡᠷᠯᠡᠵᠤ᠂ ᠴᠠᠭᠠᠨ ᠰᠠᠷ᠎ᠠ ᠶᠢᠨ ᠪᠠᠷᠠᠭ᠎ᠠ ᠪᠠᠨ ᠬᠤᠳᠠᠯᠳᠤᠨ ᠠᠪᠴᠤ ᠪᠠᠶᠢᠨ᠎ᠠ᠂ ᠬᠡᠦᠬᠡᠳ ᠤᠳ ᠤᠳᠠᠯ ᠦᠭᠡᠢ ᠬᠠᠷᠢᠵᠤ ᠢᠷᠡᠭᠡᠳ ᠰᠢᠨᠡᠯᠡᠬᠦ ᠭᠡᠵᠤ ᠪᠠᠶᠢᠨ᠎ᠠ᠂ ᠡᠨᠡ ᠵᠢᠯ ᠪᠢᠳᠡ ᠠᠰᠠᠷ ᠳᠠᠭᠠᠨ ᠰᠢᠨᠡᠯᠡᠨ᠎ᠠ︾ ᠭᠡᠵᠤ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ ᠶᠢᠨ ᠱᠦᠢ ᠲᠢᠶᠠᠨ ᠰᠢᠨ᠎ᠠ ᠲᠤᠰᠬᠤᠨ ᠤ ᠠᠷᠠᠳ ᠵᠢᠶᠠ ᠭᠦᠢ ᠫᠢᠩ ᠬᠡᠯᠡᠨ᠎ᠡ᠃     ᠠᠰᠠᠷ ᠳᠣᠤᠷᠠᠬᠢ ᠱᠦᠢ ᠲᠢᠶᠠᠨ ᠰᠢᠨ᠎ᠠ ᠲᠣᠰᠬᠤᠨ ᠤ ᠠᠷᠠᠳ ᠰᠥᠩ ᠴᠦᠨ ᠶᠢᠩ ᠳᠤ ᠠᠪᠴᠤ ᠬᠡᠯᠡᠪᠡᠯ᠂ ᠡᠨᠡ ᠵᠢᠯ ᠤᠨ ᠴᠠᠭᠠᠨ ᠰᠠᠷ᠎ᠠ ᠨᠠᠩ ᠬᠥᠷ ᠬᠥᠭᠵᠢᠶᠡᠨ ᠲᠠᠢ ᠪᠤᠯᠤᠨ᠎ᠠ᠃  ᠤᠴᠢᠷ ᠨᠢ ᠨᠢᠭᠡᠳᠤᠯᠳᠠᠢ ᠪᠤᠴᠠᠭᠠᠨ ᠨᠡᠬᠦᠯᠭᠡᠭᠰᠡᠨ ᠠᠴᠠ  ᠦᠩᠭᠡᠷᠡᠭᠰᠡᠨ ᠤ ᠬᠦᠷᠰᠢ ᠰᠠᠭᠠᠬᠠᠯᠳᠠ ᠨᠢ ᠳᠠᠬᠢᠨᠲᠠ ᠵᠡᠷᠭᠡᠯᠡᠳᠡᠭᠡ ᠠᠶᠢᠯ ᠪᠣᠯᠵᠤ᠂ ᠪᠠᠶᠠᠷ ᠪᠠᠶᠠᠰᠬᠤᠯᠠᠩ ᠲᠠᠢ ᠪᠠᠷ ᠴᠠᠭᠠᠨ ᠰᠠᠷ᠎ᠠ ᠪᠠᠨ ᠦᠩᠭᠡᠷᠡᠬᠦᠯᠤᠨ᠎ᠠ᠃     ᠰᠢᠨ᠎ᠡ ᠤᠷᠤᠨ ᠰᠠᠭᠤᠴᠠ ᠳᠤ ᠨᠡᠭᠦᠬᠦ ᠨᠢ ᠣᠷᠣᠨ ᠰᠠᠭᠤᠴᠠ ᠶᠢᠨ ᠬᠤᠪᠢᠷᠠᠯᠲᠠ ᠪᠣᠯᠬᠤ ᠪᠠᠷ ᠪᠠᠷᠠᠬᠤ ᠦᠭᠡᠢ᠂ ᠨᠡᠩ ᠴᠤ ᠰᠡᠳᠬᠢᠯ ᠰᠠᠨᠠᠭᠠᠨ ᠤ ᠲᠠᠶᠢᠳᠬᠤᠷᠠᠭᠤᠯᠤᠯ ᠪᠤᠯᠬᠤ ᠶᠤᠮ᠃ ᠰᠤᠷᠪᠤᠯᠵᠢᠯᠠᠭᠴᠢ ᠰᠤᠷᠪᠤᠯᠵᠢᠯᠠᠬᠤ ᠳᠤᠮᠳᠠ ᠲᠤᠰᠬᠤᠨ ᠤ ᠠᠷᠠᠳ ᠤᠨ ᠴᠢᠷᠠᠶ ᠳᠤ ᠪᠠᠶᠠᠷ ᠪᠠᠶᠠᠰᠤᠯ ᠪᠢᠯᠬᠠᠵᠤ᠂ ᠢᠷᠡᠭᠡᠳᠦᠶ ᠶᠢᠨ ᠠᠮᠢᠳᠤᠷᠠᠯ ᠳᠠᠭᠠᠨ  ᠢᠳᠡᠭᠡᠯ ᠵᠤᠷᠢᠭ ᠲᠠᠢ ᠪᠠᠶᠢᠬᠤ ᠬᠦᠰᠡᠯ ᠡᠷᠡᠮᠡᠯᠵᠡᠯ ᠢ ᠣᠯᠵᠤ ᠬᠠᠷᠠᠵᠠᠢ᠃ 2024 ᠣᠨ ᠳᠤ᠂ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ ᠬᠡᠷᠡᠭᠵᠢᠭᠦᠯᠬᠦ ᠶᠢ ᠪᠠᠷᠢᠮᠳᠠᠯᠠᠵᠤ᠂ ᠨᠡᠮᠡᠭᠳᠡᠯ ᠬᠠᠰᠤᠭᠳᠠᠯ ᠲᠠᠢ ᠨᠢ ᠬᠤᠯᠪᠣᠭᠳᠠᠭᠤᠯᠤᠭᠰᠠᠨ ᠲᠥᠷᠥᠯ ᠵᠦᠢᠯ ᠢ ᠪᠤᠴᠠᠭᠠᠨ ᠨᠡᠭᠦᠯᠭᠡᠵᠦ ᠲᠥᠪᠬᠢᠨᠡᠭᠦᠯᠬᠦ ᠲᠤᠭᠤᠷᠢᠭ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠰᠢᠶᠠᠨ ᠹᠧᠩ ᠲᠣᠰᠬᠤᠨ᠂ ᠱᠦᠢ ᠲᠢᠶᠠᠨ ᠲᠣᠰᠬᠤᠨ᠂ ᠶᠦᠩ ᠰᠢᠩ ᠲᠣᠰᠬᠤᠨ᠂ ᠡᠤ ᠵᠢᠶᠠ ᠽᠢ ᠲᠣᠰᠬᠤᠨ ᠵᠡᠷᠭᠡ 4 ᠲᠣᠰᠬᠤᠨ ᠤ 16 ᠠᠶᠢᠯ ᠤᠨ 898 ᠡᠷᠦᠬᠡ ᠲᠣᠰᠬᠤᠨ ᠤ ᠠᠷᠠᠳ ᠢ ᠪᠦᠬᠦᠨ ᠢ ᠰᠢᠨ᠎ᠡ ᠣᠷᠣᠨ ᠰᠠᠭᠤᠴᠠ ᠳᠤ  ᠨᠡᠬᠦᠯᠭᠡᠵᠤ᠂  ᠤᠯᠠᠨ ᠲᠦᠮᠡᠨ ᠢ ᠰᠠᠶᠢᠨ ᠰᠠᠶᠢᠬᠠᠨ ᠠᠮᠢᠳᠤᠷᠠᠯ ᠲᠠᠢ ᠪᠤᠯᠭᠠᠵᠤ᠂ ᠲᠡᠳᠡᠨᠡᠷ ᠤᠨ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ ᠂ ᠠᠮᠤᠷ ᠲᠦᠪᠰᠢᠨ ᠤ ᠲᠦᠷᠦᠭᠳᠡᠯ ᠢ ᠨᠢ ᠲᠡᠭᠡᠭᠰᠢᠯᠡᠬᠦᠯᠵᠠᠢ᠃    
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号