| | ᠰᠢᠨ᠎ᠠ ᠠᠮᠢᠳᠤᠷᠠᠯ ᠰᠢᠨ᠎ᠠ ᠡᠬᠢᠯᠡᠯᠲᠡ᠃ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠨᠡᠮᠡᠭᠳᠡᠯ | ᠬᠠᠰᠤᠭᠳᠠᠯ ᠲᠠᠢ ᠨᠢ ᠬᠤᠯᠪᠣᠭᠳᠠᠭᠤᠯᠬᠤ ᠲᠦᠷᠦᠯ ᠵᠦᠢᠯ ᠤᠨ ᠪᠤᠴᠠᠭᠠᠨ ᠨᠡᠭᠦᠯᠭᠡᠵᠤ ᠲᠥᠪᠬᠢᠨᠡᠭᠦᠯᠬᠦ ᠠᠵᠢᠯ ᠤᠨ | ᠢᠯᠠᠯᠲᠠ ᠲᠠᠢ ᠪᠠᠷ ᠲᠡᠭᠦᠰᠬᠦ ᠶᠢ ᠳᠠᠭᠠᠯᠳᠤᠨ᠂ ᠡᠯ᠎ᠡ ᠲᠥᠪᠬᠢᠨᠡᠭᠦᠯᠬᠦ ᠲᠣᠭᠤᠷᠢᠭ ᠤᠨ ᠬᠢᠨ ᠰᠢᠨ᠎ᠠ ᠤᠷᠤᠨ ᠰᠠᠭᠤᠴᠠ | ᠳᠤ ᠨᠡᠬᠦᠵᠤ ᠴᠠᠭᠠᠨ ᠰᠠᠷ᠎ᠠ ᠪᠠᠨ ᠤᠭᠲᠤᠬᠤ ᠠᠩᠬᠠᠳᠠᠭᠴᠢ ᠪᠦᠯᠦᠭ ᠲᠣᠰᠬᠤᠨ ᠤ ᠠᠷᠠᠳ ᠢᠶᠠᠨ ᠤᠭᠲᠤᠨ | ᠠᠪᠴᠢᠷᠠᠯ᠎ᠠ᠃ ᠴᠠᠭᠠᠨ ᠰᠠᠷ᠎ᠠ ᠬᠦᠷᠴᠤ ᠢᠷᠡᠬᠦ ᠲᠠᠰᠢᠷᠠᠮ ᠢᠶᠠᠷ᠂ ᠲᠣᠰᠬᠤᠨ ᠤ ᠠᠷᠠᠳ ᠤᠨ ᠠᠰᠠᠷ ᠳᠡᠭᠡᠷᠡᠬᠢ | ᠠᠩᠬᠠᠳᠠᠭᠴᠢ ᠰᠢᠨ᠎ᠡ ᠵᠢᠯ ᠤᠨ ᠪᠡᠯᠡᠳᠬᠡᠯ ᠢᠶᠠᠨ ᠬᠢᠭᠡᠳ ᠶᠠᠮᠠᠷ ᠵᠡᠷᠭᠡ ᠪᠤᠯᠵᠤ ᠪᠠᠶᠢᠭ᠎ᠠ ᠪᠤᠯ︖ | ᠰᠢᠨ᠎ᠡ ᠵᠢᠯ ᠰᠢᠨ᠎ᠡ ᠲᠦᠷᠰᠤ ᠪᠠᠶᠢᠳᠠᠯ᠂ ᠰᠢᠨ᠎ᠠ ᠭᠡᠷ ᠰᠢᠨ᠎ᠡ ᠬᠦᠰᠡᠯ ᠡᠷᠡᠮᠡᠯᠵᠡᠯ᠃ ᠭᠡᠷ ᠣᠷᠣᠨ ᠢᠶᠠᠨ ᠳᠠᠬᠢᠨ | ᠪᠦᠲᠦᠭᠡᠨ ᠪᠠᠶᠢᠭᠤᠯᠬᠤ ᠠᠴᠠ ᠠᠮᠢᠳᠤᠷᠠᠯ ᠢᠶᠠᠨ ᠪᠦᠬᠦ ᠲᠠᠯ᠎ᠠ ᠪᠠᠷ ᠰᠠᠶᠢᠵᠢᠷᠠᠭᠤᠯᠬᠤ ᠬᠦᠷᠲᠡᠯ᠎ᠡ᠂ ᠵᠠᠯᠠᠶᠢᠳ | ᠬᠤᠰᠢᠭᠤᠨ ᠤ ᠬᠤᠯᠪᠣᠭ᠎ᠠ ᠪᠠᠯᠭᠠᠰᠤᠨ ᠤ ᠨᠡᠮᠡᠭᠳᠡᠯ ᠬᠠᠰᠤᠭᠳᠠᠯ ᠲᠠᠢ ᠨᠢ ᠬᠤᠯᠪᠤᠭᠳᠠᠭᠤᠯᠬᠤ ᠲᠦᠷᠦᠯ ᠵᠦᠢᠯ ᠤᠨ | ᠪᠤᠴᠠᠭᠠᠨ ᠨᠡᠬᠦᠯᠭᠡᠵᠤ ᠲᠥᠪᠬᠢᠨᠡᠭᠦᠯᠬᠦ ᠲᠣᠭᠤᠷᠢᠭ ᠤᠨ ᠲᠣᠰᠬᠤᠨ ᠤ ᠠᠷᠠᠳ ᠴᠠᠭᠠᠨ ᠰᠠᠷ᠎ᠠ ᠬᠦᠷᠴᠦ ᠢᠷᠡᠬᠦ | ᠲᠠᠰᠢᠷᠠᠮ ᠢᠶᠠᠷ᠂ ᠬᠡᠬᠦᠳᠡᠭ ᠲᠦᠬᠦᠷᠡᠩ ᠬᠦᠰᠡᠯ ᠡᠷᠡᠮᠡᠯᠵᠡᠯ ᠪᠠ ᠪᠠᠶᠠᠷ ᠬᠦᠷ ᠲᠠᠢ ᠪᠠᠷ ᠥᠪᠡᠷ ᠤᠨ ᠭᠡᠰᠡᠨ ᠰᠠᠶᠢᠨ | ᠰᠠᠶᠢᠬᠠᠨ ᠠᠮᠢᠳᠤᠷᠠᠯ ᠢᠶᠠᠨ ᠴᠤᠭᠴᠠᠯᠠᠨ᠎ᠠ᠃ | | | | | | | ᠡᠪᠦᠯ ᠤᠨ ᠡᠳᠦᠷ ᠤᠨ ᠦᠷᠯᠦᠭᠡ᠂ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤᠨ ᠤ ᠪᠣᠴᠠᠭᠠᠨ | ᠨᠡᠭᠦᠯᠭᠡᠵᠦ ᠲᠥᠪᠬᠢᠨᠡᠭᠦᠯᠬᠦ ᠲᠤᠭᠤᠷᠢᠭ ᠤᠨ ᠮᠦᠷ ᠮᠦᠷ ᠴᠣ ᠰᠢᠨ᠎ᠡ ᠠᠰᠠᠷ ᠨᠡᠷᠡᠨ ᠤ ᠭᠡᠷᠡᠯ ᠲᠤ ᠬᠢᠯᠠᠯᠵᠠᠨ᠎ᠠ᠃ | ᠱᠦᠢ ᠲᠢᠶᠠᠨ ᠰᠢᠨ᠎ᠠ ᠲᠣᠰᠬᠤᠨ ᠤ ᠠᠷᠠᠳ ᠵᠢᠶᠠ ᠬᠦᠢ ᠫᠢᠩ ᠴᠠᠭᠠᠨ ᠰᠠᠷ᠎ᠠ ᠪᠤᠯᠬᠤ ᠲᠠᠰᠢᠷᠠᠮ ᠢᠶᠠᠷ ᠰᠢᠨ᠎ᠠ ᠭᠡᠷ | ᠲᠡᠭᠡᠨ ᠨᠡᠬᠦᠨ ᠤᠷᠤᠭᠠᠳ ᠲᠦᠢᠯ ᠢᠶᠠᠷ ᠪᠠᠶᠠᠷᠯᠠᠨ᠎ᠠ᠃ ᠲᠡᠭᠦᠨ ᠤ 100 ᠲᠡᠭᠰᠢ ᠳᠥᠷᠪᠡᠯᠵᠢᠨ ᠮᠧᠲᠷ ᠤᠨ ᠰᠢᠨ᠎ᠡ | ᠭᠡᠷ ᠨᠢ ᠠᠭᠤᠵᠢᠮ ᠰᠠᠷᠠᠭᠤᠯ᠂ ᠲᠤᠯᠠᠭᠠᠨ ᠲᠠᠭᠠᠯᠠᠮᠵᠢᠲᠠᠶ᠂ ᠴᠣᠩᠬᠤ ᠨᠢ ᠴᠡᠪᠡᠷ ᠲᠤᠩᠭᠠᠯᠠᠭ᠃ ᠬᠡᠳᠦᠨ ᠡᠳᠦᠷ ᠤᠨ | ᠳᠠᠷᠠᠭ᠎ᠠ ᠨᠢᠭᠡ ᠭᠡᠷ ᠢᠶᠠᠷ ᠢᠶᠠᠨ ᠪᠠᠶᠠᠷ ᠪᠠᠶᠠᠰᠬᠤᠯᠠᠩᠲᠠᠢ ᠪᠠᠷ ᠰᠢᠨ᠎ᠡ ᠭᠡᠷ ᠲᠡᠭᠡᠨ ᠴᠠᠭᠠᠨ ᠰᠠᠷ᠎ᠠ ᠪᠠᠨ ᠥᠩᠭᠡᠷᠡᠭᠦᠯᠬᠦ | ᠶᠢ ᠪᠤᠳᠤᠮᠠᠭᠴᠠ ᠲᠤᠳᠤᠷ᠎ᠠ ᠪᠠᠨ ᠶᠠᠬᠡᠪᠡᠷ ᠬᠦᠭᠰᠡᠨ ᠪᠠᠶᠠᠷᠯᠠᠨ᠎ᠠ᠃ | ︽ᠪᠢᠳᠡ 2024 ᠣᠨ ᠤ 12 ᠰᠠᠷ᠎ᠠ ᠶᠢᠨ ᠰᠡᠭᠦᠯᠴᠢ ᠪᠠᠷ ᠨᠡᠬᠦᠵᠤ ᠢᠷᠡᠭᠰᠡᠨ ᠶᠤᠮ᠂ ᠭᠡᠷ ᠪᠠᠶᠢᠰᠢᠩ ᠤᠨ | ᠪᠠᠶᠢᠷᠢᠰᠢᠯ ᠪᠠ ᠭᠡᠷᠡᠯ ᠤᠨ ᠲᠤᠰᠤᠯᠳᠠ ᠴᠦᠮ ᠮᠠᠰᠢ ᠰᠠᠶᠢᠨ᠂ ᠤᠳᠤ ᠬᠥᠭᠰᠢᠨ ᠪᠢᠳᠡ ᠬᠤᠶᠠᠭᠤᠯᠠ ᠭᠡᠷ ᠪᠠᠶᠢᠰᠢᠩ | ᠢᠶᠠᠨ ᠲᠡᠭᠰᠢᠯᠡᠨ ᠴᠡᠪᠡᠷᠯᠡᠵᠤ᠂ ᠴᠠᠭᠠᠨ ᠰᠠᠷ᠎ᠠ ᠶᠢᠨ ᠪᠠᠷᠠᠭ᠎ᠠ ᠪᠠᠨ ᠬᠤᠳᠠᠯᠳᠤᠨ ᠠᠪᠴᠤ ᠪᠠᠶᠢᠨ᠎ᠠ᠂ ᠬᠡᠦᠬᠡᠳ ᠤᠳ | ᠤᠳᠠᠯ ᠦᠭᠡᠢ ᠬᠠᠷᠢᠵᠤ ᠢᠷᠡᠭᠡᠳ ᠰᠢᠨᠡᠯᠡᠬᠦ ᠭᠡᠵᠤ ᠪᠠᠶᠢᠨ᠎ᠠ᠂ ᠡᠨᠡ ᠵᠢᠯ ᠪᠢᠳᠡ ᠠᠰᠠᠷ ᠳᠠᠭᠠᠨ ᠰᠢᠨᠡᠯᠡᠨ᠎ᠠ︾ ᠭᠡᠵᠤ | ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ ᠶᠢᠨ ᠱᠦᠢ ᠲᠢᠶᠠᠨ ᠰᠢᠨ᠎ᠠ ᠲᠤᠰᠬᠤᠨ ᠤ ᠠᠷᠠᠳ ᠵᠢᠶᠠ ᠭᠦᠢ ᠫᠢᠩ | ᠬᠡᠯᠡᠨ᠎ᠡ᠃ | ᠠᠰᠠᠷ ᠳᠣᠤᠷᠠᠬᠢ ᠱᠦᠢ ᠲᠢᠶᠠᠨ ᠰᠢᠨ᠎ᠠ ᠲᠣᠰᠬᠤᠨ ᠤ ᠠᠷᠠᠳ ᠰᠥᠩ ᠴᠦᠨ ᠶᠢᠩ ᠳᠤ ᠠᠪᠴᠤ ᠬᠡᠯᠡᠪᠡᠯ᠂ | ᠡᠨᠡ ᠵᠢᠯ ᠤᠨ ᠴᠠᠭᠠᠨ ᠰᠠᠷ᠎ᠠ ᠨᠠᠩ ᠬᠥᠷ ᠬᠥᠭᠵᠢᠶᠡᠨ ᠲᠠᠢ ᠪᠤᠯᠤᠨ᠎ᠠ᠃ ᠤᠴᠢᠷ ᠨᠢ ᠨᠢᠭᠡᠳᠤᠯᠳᠠᠢ ᠪᠤᠴᠠᠭᠠᠨ | ᠨᠡᠬᠦᠯᠭᠡᠭᠰᠡᠨ ᠠᠴᠠ ᠦᠩᠭᠡᠷᠡᠭᠰᠡᠨ ᠤ ᠬᠦᠷᠰᠢ ᠰᠠᠭᠠᠬᠠᠯᠳᠠ ᠨᠢ ᠳᠠᠬᠢᠨᠲᠠ ᠵᠡᠷᠭᠡᠯᠡᠳᠡᠭᠡ ᠠᠶᠢᠯ ᠪᠣᠯᠵᠤ᠂ ᠪᠠᠶᠠᠷ | ᠪᠠᠶᠠᠰᠬᠤᠯᠠᠩ ᠲᠠᠢ ᠪᠠᠷ ᠴᠠᠭᠠᠨ ᠰᠠᠷ᠎ᠠ ᠪᠠᠨ ᠦᠩᠭᠡᠷᠡᠬᠦᠯᠤᠨ᠎ᠠ᠃ | | | | | | | ᠰᠢᠨ᠎ᠡ ᠤᠷᠤᠨ ᠰᠠᠭᠤᠴᠠ ᠳᠤ ᠨᠡᠭᠦᠬᠦ ᠨᠢ ᠣᠷᠣᠨ ᠰᠠᠭᠤᠴᠠ ᠶᠢᠨ ᠬᠤᠪᠢᠷᠠᠯᠲᠠ ᠪᠣᠯᠬᠤ ᠪᠠᠷ ᠪᠠᠷᠠᠬᠤ ᠦᠭᠡᠢ᠂ | ᠨᠡᠩ ᠴᠤ ᠰᠡᠳᠬᠢᠯ ᠰᠠᠨᠠᠭᠠᠨ ᠤ ᠲᠠᠶᠢᠳᠬᠤᠷᠠᠭᠤᠯᠤᠯ ᠪᠤᠯᠬᠤ ᠶᠤᠮ᠃ ᠰᠤᠷᠪᠤᠯᠵᠢᠯᠠᠭᠴᠢ ᠰᠤᠷᠪᠤᠯᠵᠢᠯᠠᠬᠤ ᠳᠤᠮᠳᠠ | ᠲᠤᠰᠬᠤᠨ ᠤ ᠠᠷᠠᠳ ᠤᠨ ᠴᠢᠷᠠᠶ ᠳᠤ ᠪᠠᠶᠠᠷ ᠪᠠᠶᠠᠰᠤᠯ ᠪᠢᠯᠬᠠᠵᠤ᠂ ᠢᠷᠡᠭᠡᠳᠦᠶ ᠶᠢᠨ ᠠᠮᠢᠳᠤᠷᠠᠯ ᠳᠠᠭᠠᠨ ᠢᠳᠡᠭᠡᠯ | ᠵᠤᠷᠢᠭ ᠲᠠᠢ ᠪᠠᠶᠢᠬᠤ ᠬᠦᠰᠡᠯ ᠡᠷᠡᠮᠡᠯᠵᠡᠯ ᠢ ᠣᠯᠵᠤ ᠬᠠᠷᠠᠵᠠᠢ᠃ 2024 ᠣᠨ ᠳᠤ᠂ ᠵᠠᠯᠠᠶᠢᠳ ᠬᠤᠰᠢᠭᠤᠨ ᠤ | ᠬᠤᠯᠪᠣᠭ᠎ᠠ ᠪᠠᠯᠭᠠᠰᠤ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ ᠬᠡᠷᠡᠭᠵᠢᠭᠦᠯᠬᠦ ᠶᠢ ᠪᠠᠷᠢᠮᠳᠠᠯᠠᠵᠤ᠂ ᠨᠡᠮᠡᠭᠳᠡᠯ ᠬᠠᠰᠤᠭᠳᠠᠯ ᠲᠠᠢ ᠨᠢ | ᠬᠤᠯᠪᠣᠭᠳᠠᠭᠤᠯᠤᠭᠰᠠᠨ ᠲᠥᠷᠥᠯ ᠵᠦᠢᠯ ᠢ ᠪᠤᠴᠠᠭᠠᠨ ᠨᠡᠭᠦᠯᠭᠡᠵᠦ ᠲᠥᠪᠬᠢᠨᠡᠭᠦᠯᠬᠦ ᠲᠤᠭᠤᠷᠢᠭ ᠤᠨ ᠪᠥᠲᠥᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠰᠢᠶᠠᠨ ᠹᠧᠩ ᠲᠣᠰᠬᠤᠨ᠂ ᠱᠦᠢ ᠲᠢᠶᠠᠨ | ᠲᠣᠰᠬᠤᠨ᠂ ᠶᠦᠩ ᠰᠢᠩ ᠲᠣᠰᠬᠤᠨ᠂ ᠡᠤ ᠵᠢᠶᠠ ᠽᠢ ᠲᠣᠰᠬᠤᠨ ᠵᠡᠷᠭᠡ 4 ᠲᠣᠰᠬᠤᠨ ᠤ 16 ᠠᠶᠢᠯ ᠤᠨ 898 | ᠡᠷᠦᠬᠡ ᠲᠣᠰᠬᠤᠨ ᠤ ᠠᠷᠠᠳ ᠢ ᠪᠦᠬᠦᠨ ᠢ ᠰᠢᠨ᠎ᠡ ᠣᠷᠣᠨ ᠰᠠᠭᠤᠴᠠ ᠳᠤ ᠨᠡᠬᠦᠯᠭᠡᠵᠤ᠂ ᠤᠯᠠᠨ ᠲᠦᠮᠡᠨ ᠢ | ᠰᠠᠶᠢᠨ ᠰᠠᠶᠢᠬᠠᠨ ᠠᠮᠢᠳᠤᠷᠠᠯ ᠲᠠᠢ ᠪᠤᠯᠭᠠᠵᠤ᠂ ᠲᠡᠳᠡᠨᠡᠷ ᠤᠨ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ | ᠂ ᠠᠮᠤᠷ ᠲᠦᠪᠰᠢᠨ ᠤ ᠲᠦᠷᠦᠭᠳᠡᠯ ᠢ ᠨᠢ ᠲᠡᠭᠡᠭᠰᠢᠯᠡᠬᠦᠯᠵᠠᠢ᠃ |