| ︽ᠭᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠤᠭᠠᠳ 1700 ᠲᠦᠭᠦᠷᠢᠭ ᠤᠨ ᠬᠠᠷᠠᠭᠠᠯᠵᠠᠯ ᠬᠦᠷᠳᠡᠯ᠎ᠡ᠂ | ᠡᠨᠡᠬᠦ ︿ᠬᠠᠭᠤᠴᠢᠨ ᠢᠶᠠᠷ ᠰᠢᠨ᠎ᠡ ᠶᠢ ᠰᠤᠯᠢᠬᠤ﹀ ᠲᠦᠷᠦ ᠶᠢᠨ ᠪᠤᠳᠤᠯᠭ᠎ᠠ ᠨᠢ ᠠᠷᠠᠳ ᠤᠯᠠᠨ ᠳᠤ ᠦᠨᠡᠨ ᠪᠤᠳᠠᠳᠠᠢ | ᠠᠰᠢᠭ ᠬᠦᠷᠳᠡᠭᠡᠭᠰᠡᠨ ᠪᠦᠭᠡᠳ ᠮᠠᠨ ᠤ ᠲᠡᠯᠭᠡᠬᠦᠷ ᠤᠨ ᠪᠤᠷᠤᠯᠠᠭᠤᠯᠭ᠎ᠠ ᠶᠢᠨ ᠨᠤᠷᠮ᠎ᠠ ᠶᠢ ᠴᠤ ᠲᠡᠭᠡᠭᠰᠢᠯᠡᠬᠦᠯᠪᠡ︾ | ᠭᠡᠵᠦ ᠵᠠᠯᠠᠶᠢᠳ ᠬᠤᠰᠢᠭᠤᠨ ᠤ ᠵᠢᠩ ᠳ᠋ᠦᠩ ᠭᠡᠷ ᠤᠨ ᠴᠠᠬᠢᠯᠭᠠᠨ ᠬᠡᠷᠡᠭᠰᠡᠯ ᠤᠨ ᠲᠡᠯᠭᠡᠬᠦᠷ ᠤᠨ ᠲᠠᠭᠠᠭᠠᠮᠠᠯ ᠵᠤ᠋ ᠶᠢᠨ | ᠸᠧᠢ ᠭᠡᠷ ᠤᠨ ᠴᠠᠬᠢᠯᠭᠠᠨ ᠬᠡᠷᠡᠭᠰᠡᠯ ᠬᠤᠳᠠᠯᠳᠤᠭᠠᠳ ᠪᠠᠶᠠᠷᠳᠠᠶᠢᠬᠠᠨ ᠬᠡᠯᠡᠨ᠎ᠡ᠃ | ᠬᠡᠷᠡᠭᠯᠡᠭᠡᠨ ᠤ ᠵᠠᠬ᠎ᠠ ᠲᠡᠯᠭᠡᠬᠦᠷ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠬᠤ ᠶᠢᠨ | ᠲᠦᠯᠦᠭᠡ᠂ ᠬᠢᠩᠭᠠᠨ ᠠᠶᠢᠮᠠᠭ ᠤᠨ ᠵᠠᠯᠠᠶᠢᠳ ᠬᠤᠰᠢᠭᠤ ᠭᠡᠷ ᠤᠨ ᠴᠠᠬᠢᠯᠭᠠᠨ ᠬᠡᠷᠡᠭᠰᠡᠯ᠂ ᠮᠠᠰᠢᠨ ᠲᠡᠷᠭᠡ᠂ | ᠴᠠᠬᠢᠯᠭᠠᠨ ᠬᠦᠳᠡᠯᠭᠡᠬᠦᠷᠳᠦ ᠲᠤᠭᠤᠢ ᠲᠡᠷᠭᠡ᠂ ᠭᠡᠷ ᠤᠨ ᠵᠠᠰᠠᠯ ᠴᠢᠮᠡᠭᠯᠡᠯ ᠵᠡᠷᠭᠡ ᠲᠦᠷᠪᠡᠨ ᠶᠡᠭᠡ ᠲᠦᠷᠦᠯ ᠤᠨ | ᠲᠠᠸᠠᠷ ᠢ ᠬᠠᠮᠤᠷᠤᠭᠰᠠᠨ ︽ᠬᠠᠭᠤᠴᠢᠨ ᠢᠶᠠᠷ ᠰᠢᠨ᠎ᠡ ᠶᠢ ᠰᠤᠯᠢᠬᠤ︾ ᠳᠤ ᠨᠦᠬᠦᠪᠦᠷᠢ ᠮᠦᠩᠬᠦ ᠦᠭᠬᠦ ᠠᠵᠢᠯᠯᠠᠭ᠎ᠠ ᠶᠢ | ᠶᠠᠪᠤᠭᠳᠠᠭᠤᠯᠪᠠ᠃ ︽ᠬᠠᠭᠤᠴᠢᠨ ᠢᠶᠠᠷ ᠰᠢᠨ᠎ᠡ ᠶᠢ ᠰᠤᠯᠢᠬᠤ︾ ᠳᠤ ᠨᠦᠬᠦᠪᠦᠷᠢ ᠮᠦᠩᠬᠦ ᠦᠭᠬᠦ ᠠᠵᠢᠯᠯᠠᠭ᠎ᠠ | ᠡᠬᠢᠯᠡᠭᠰᠡᠨ ᠠᠴᠠ ᠨᠠᠭᠠᠰᠢ᠂ ᠡᠯ᠎ᠡ ᠲᠤᠮᠦ ᠬᠤᠳᠠᠯᠳᠤᠭᠠᠨ ᠤ ᠲᠠᠯᠠᠪᠤᠷ ᠤᠨ ᠬᠢᠨ ᠢᠳᠡᠪᠬᠢᠲᠡᠶ ᠪᠠᠷ ᠴᠤᠤᠷᠢᠶᠠᠲᠤᠨ | ᠳᠠᠭᠠᠵᠤ᠂ ᠦᠨ᠎ᠡ ᠪᠠᠭᠤᠷᠠᠭᠤᠯᠬᠤ ᠵᠡᠷᠭᠡ ᠬᠡᠯᠪᠡᠷᠢ ᠪᠠᠷ ᠲᠤᠰ ᠲᠦᠷᠦ ᠶᠢᠨ ᠪᠤᠳᠤᠯᠭ᠎ᠠ ᠲᠠᠢ ᠬᠠᠷᠢᠯᠴᠠᠨ | ᠨᠦᠬᠦᠪᠦᠷᠢᠯᠡᠬᠦ ᠦᠢᠯᠡᠳᠦᠯ ᠭᠠᠷᠭᠠᠵᠦ᠂ ᠤᠳᠤᠬᠠᠨ ᠪᠤᠯᠳᠠᠯ᠎ᠠ ᠡᠯ᠎ᠡ ᠬᠡᠷᠡᠭᠯᠡᠭᠡᠨ ᠤ ᠵᠦᠢᠯ ᠤᠨ ᠪᠤᠷᠤᠯᠠᠭᠤᠯᠭ᠎ᠠ ᠶᠢᠨ | ᠬᠡᠮᠵᠢᠶ᠎ᠡ 2.3 ᠳ᠋ᠦᠩᠰᠢᠭᠤᠷ ᠲᠦᠭᠦᠷᠢᠭ ᠲᠤ ᠬᠦᠷᠴᠦ᠂ ᠨᠦᠬᠦᠪᠦᠷᠢᠯᠡᠭᠰᠡᠨ ᠬᠡᠮᠵᠢᠶ᠎ᠡ 2200 ᠲᠦᠮᠡᠨ ᠲᠦᠭᠦᠷᠢᠭ | ᠬᠦᠷᠪᠡ᠃ | ︽︿ᠬᠠᠭᠤᠴᠢᠨ ᠢᠶᠠᠷ ᠰᠢᠨ᠎ᠡ ᠶᠢ ᠰᠤᠯᠢᠬᠤ﹀ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠭᠰᠡᠨ ᠠᠴᠠ ᠨᠠᠭᠠᠰᠢ | ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠳᠡᠯᠭᠡᠷᠡᠭᠦᠯᠬᠦ | ᠠᠵᠢᠯᠯᠠᠭ᠎ᠠ ᠶᠢ ᠨᠠᠷᠢᠨ ᠨᠢᠮᠪᠠᠶ ᠤᠬᠠᠭᠠᠯᠠᠨ ᠲᠥᠯᠥᠪᠯᠡᠵᠦ᠂ ᠬᠡᠷᠡᠭᠯᠡᠭᠡᠨ ᠤ ᠲᠠᠯᠳᠠ ᠬᠦᠴᠦᠨ ᠢ ᠪᠠᠳᠠᠷᠠᠭᠤᠯᠪᠠ᠃ | ᠣᠶᠢᠷ᠎ᠠ ᠶᠢᠨ ᠬᠤᠭᠤᠴᠠᠭᠠᠨ ᠳᠤ᠂ ᠪᠢᠳᠡ ᠲᠤᠰ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠯᠳᠡ ᠶᠢ ᠦᠷᠬᠦᠯᠵᠢᠯᠡᠨ | ᠬᠦᠨᠵᠡᠭᠡᠶᠢᠷᠡᠬᠦᠯᠵᠦ᠂ ᠦᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠦᠨ᠂ ᠨᠠᠩ ᠳᠥᠭᠦᠮ ᠳᠥᠲᠡ ᠥᠨᠳᠥᠷ | ᠪᠦᠲᠦᠮᠵᠢᠲᠡᠶ ︿ᠬᠠᠭᠤᠴᠢᠨ ᠢᠶᠠᠷ ᠰᠢᠨ᠎ᠡ ᠶᠢ ᠰᠤᠯᠢᠬᠤ﹀ ᠦᠢᠯᠡᠴᠢᠯᠡᠭᠡ ᠬᠠᠩᠭᠠᠨ᠎ᠠ︾ ᠭᠡᠵᠦ ᠵᠠᠯᠠᠶᠢᠳ | ᠬᠤᠰᠢᠭᠤᠨ ᠤ ᠠᠵᠦ ᠦᠢᠯᠡᠳᠪᠦᠷᠢ ᠪᠠ ᠮᠡᠳᠡᠭᠡ ᠵᠠᠩᠬᠢᠵᠢᠯᠳᠡ ᠶᠢᠨ ᠲᠤᠪᠴᠢᠶ᠎ᠠ ᠶᠢᠨ ᠲᠤᠳᠤᠭᠠᠳᠦ ᠠᠷᠠᠯᠵᠢᠶᠠᠨ ᠤ | ᠲᠠᠰᠤᠭ ᠤᠨ ᠲᠠᠷᠤᠭ᠎ᠠ ᠵᠠᠩ ᠭᠦᠸᠧ ᠵᠢᠦ ᠬᠡᠯᠡᠨ᠎ᠡ᠃ | ︵ᠯᠢᠶᠠᠩ ᠪᠢᠩ ᠢᠦᠢ︶ |