| | 1 ᠰᠠᠷ᠎ᠠ ᠶᠢᠨ 20 ᠤ ᠡᠳᠦᠷ᠂ ᠵᠠᠯᠠᠶᠢᠳ ᠬᠤᠰᠢᠭᠤᠨ ᠤ ᠠᠯᠳᠠᠷᠳᠤ ᠰᠤᠮᠤ 1 ᠰᠠᠷ᠎ᠠ ᠶᠢᠨ ᠠᠮᠤᠷ | ᠠᠮᠤᠭᠤᠯᠠᠩ ᠤᠨ ᠪᠠᠶᠢᠭᠤᠯᠤᠯᠲᠠ ᠶᠢᠨ ᠰᠠᠷ᠎ᠠ ᠶᠢᠨ ᠡᠭᠡᠯᠵᠢᠳᠤ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠰᠢᠤᠢ ᠬᠤᠤ ᠬᠤᠷᠠᠯ ᠡᠷᠭᠢᠯᠡᠵᠦ᠂ | ᠰᠤᠮᠤ ᠶᠢᠨ ᠠᠮᠤᠷ ᠠᠮᠤᠭᠤᠯᠠᠩ ᠤᠨ ᠠᠯᠪᠠᠨ ᠬᠡᠷ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠡᠯ᠎ᠡ | ᠭᠠᠴᠠᠭᠠᠨ ᠤ ᠱᠦᠵᠢ᠂ ᠠᠮᠤᠷ ᠢ ᠬᠠᠮᠠᠭᠠᠯᠠᠬᠤ ᠵᠥᠪᠯᠡᠯ ᠤᠨ ᠡᠷᠬᠢᠯᠡᠭᠴᠢ ᠬᠤᠷᠠᠯ ᠳᠤ ᠣᠷᠣᠯᠴᠠᠵᠠᠶ᠃ ᠬᠤᠷᠠᠯ ᠠᠴᠠ | ᠡᠩ ᠲᠡᠷᠢᠭᠦᠨ ᠳᠤ ᠡᠯ᠎ᠡ ᠭᠠᠴᠠᠭᠠᠨ ᠤ 1 ᠰᠠᠷ᠎ᠠ ᠶᠢᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ | ᠵᠠᠳᠠᠯᠤᠨ ᠰᠤᠳᠤᠯᠵᠤ ᠮᠠᠭᠠᠳᠯᠠᠬᠤ ᠬᠤᠷᠠᠯ ᠬᠢᠭᠰᠡᠨ ᠪᠠᠶᠢᠳᠠᠯ᠂ ᠲᠣᠰ ᠰᠠᠷ᠎ᠠ ᠶᠢᠨ ᠵᠥᠷᠢᠴᠡᠯ ᠵᠢᠭᠤᠷᠠᠯᠳᠤᠭᠠᠨ ᠢ | ᠪᠠᠶᠢᠴᠠᠭᠠᠨ ᠰᠢᠢᠳᠪᠤᠷᠢᠯᠡᠬᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ | ᠰᠣᠨᠣᠰᠤᠭᠰᠠᠨ ᠪᠥᠭᠡᠳ ᠰᠢᠢᠳᠪᠤᠷᠢᠯᠡᠭᠡᠳᠤᠢ ᠵᠥᠷᠢᠴᠡᠯ ᠵᠢᠭᠤᠷᠠᠯᠳᠤᠭᠠᠨ ᠢ ᠰᠤᠳᠤᠯᠤᠨ ᠮᠠᠭᠠᠳᠯᠠᠵᠤ᠂ | ᠰᠢᠢᠳᠪᠦᠷᠢᠯᠡᠬᠦ ᠠᠷᠭ᠎ᠠ ᠪᠣᠳᠣᠯᠭ᠎ᠠ ᠶᠢ ᠵᠥᠪᠳᠡᠯᠴᠡᠪᠡ᠃ | ᠬᠤᠷᠠᠯ ᠠᠴᠠ᠂ ᠨᠢᠭᠡ ᠳᠤ ᠡᠯ᠎ᠡ ᠭᠠᠴᠠᠭ᠎ᠠ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠡᠩᠨᠡᠭᠡᠨ ᠤ | ᠬᠦᠴᠦᠨ ᠢ ᠭᠦᠢᠴᠡᠳ ᠰᠠᠶᠢᠲᠤᠷ ᠠᠰᠢᠭᠯᠠᠵᠤ᠂ ᠤᠳᠠᠯ ᠦᠭᠡᠢ ᠨᠤᠲᠤᠭ ᠲᠠᠭᠠᠨ ᠪᠤᠴᠠᠵᠤ ᠰᠢᠨᠡᠯᠡᠬᠦ ᠬᠥᠮᠦᠰ ᠢ | ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠨᠤᠲᠤᠭ ᠲᠠᠭᠠᠨ ᠪᠤᠴᠠᠭᠰᠠᠳ ᠤᠨ | ᠣᠷᠣᠰᠢᠵᠤ ᠮᠡᠳᠡᠬᠦ ᠵᠥᠷᠢᠴᠡᠯ ᠵᠢᠭᠤᠷᠠᠯᠳᠤᠭᠠᠨ ᠤ ᠳᠠᠯᠳᠠ ᠭᠡᠮ ᠢ ᠭᠦᠨᠵᠡᠭᠡᠶ ᠠᠭᠤᠳᠠᠯᠵᠤ᠂ ᠨᠤᠲᠤᠭ ᠲᠠᠭᠠᠨ | ᠪᠤᠴᠠᠭᠰᠠᠳ ᠵᠢᠴᠢ ᠨᠤᠲᠤᠭ ᠲᠠᠭᠠᠨ ᠪᠤᠴᠠᠭᠰᠠᠳ ᠤᠨ ᠰᠠᠭᠤᠷᠢ ᠲᠤᠭ᠎ᠠ ᠶᠢ ᠲᠣᠳᠣᠷᠬᠠᠶ ᠪᠣᠯᠭᠠᠵᠤ᠂ ᠪᠠᠶᠢᠳᠠᠯ ᠢ | ᠲᠣᠳᠣᠷᠬᠠᠶ ᠪᠣᠯᠭᠠᠬᠤ ᠬᠡᠷᠡᠭᠲᠡᠶ᠃ ᠬᠤᠶᠠᠷ ᠲᠤ ᠲᠠᠬᠢᠨ ᠭᠡᠷᠯᠡᠬᠦ᠂ ᠤᠷᠤᠭ ᠰᠠᠯᠬᠤ᠂ ᠠᠷᠢᠬᠢ ᠤᠤᠭᠤᠭᠠᠳ ᠠᠮᠠᠷᠬᠠᠨ | ᠬᠡᠷᠡᠭ ᠭᠠᠷᠭᠠᠬᠤ ᠵᠡᠷᠭᠡ 21 ᠲᠥᠷᠥᠯ ᠤᠨ ᠭᠤᠤᠯᠳᠠᠯᠭ᠎ᠠ ᠲᠠᠢ ᠬᠥᠮᠦᠰ ᠤᠨ ᠵᠥᠷᠢᠴᠡᠯ ᠵᠢᠭᠤᠷᠠᠯᠳᠤᠭᠠᠨ ᠤ ᠳᠠᠯᠳᠠ | ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠰᠤᠷᠪᠤᠯᠵᠢᠯᠠᠵᠤ᠂ ᠲᠡᠳᠡᠨ ᠤ ᠠᠮᠢᠳᠤᠷᠠᠯ ᠵᠢᠴᠢ ᠬᠠᠶᠢᠷ᠎ᠠ ᠰᠡᠳᠬᠢᠯᠭᠡ ᠶᠢᠨ ᠪᠠᠶᠢᠳᠠᠯ ᠢ | ᠠᠩᠬᠠᠷᠴᠤ᠂ ᠠᠰᠠᠭᠤᠳᠠᠯ ᠢ ᠣᠯᠵᠤ ᠮᠡᠳᠡᠪᠡᠯ ᠲᠠᠷᠤᠶᠢᠬᠠᠨ ᠬᠠᠮᠢᠶᠠᠷᠤᠨ ᠡᠵᠡᠮᠳᠡᠬᠦ ᠬᠡᠷᠡᠭᠲᠡᠶ᠃ ᠭᠤᠷᠪᠠ ᠳᠤ | ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠰᠦᠯᠵᠢᠶᠡᠨ ᠳᠡᠭᠡᠷ᠎ᠡ ᠤᠬᠠᠭᠤᠯᠭ᠎ᠠ ᠶᠢᠨ | ᠮᠠᠲ᠋ᠧᠷᠢᠶᠠᠯ ᠢ ᠳᠠᠮᠵᠢᠭᠤᠯᠤᠨ ᠲᠠᠷᠬᠠᠭᠠᠬᠤ᠂ ᠠᠶᠢᠯ ᠪᠤᠯᠭᠠᠨ ᠳᠤ ᠲᠠᠮᠵᠢᠭᠤᠯᠬᠤ ᠡᠷᠭᠡ ᠠᠷᠭ᠎ᠠ ᠪᠠᠷ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠵᠤ᠂ ᠰᠦᠯᠵᠢᠶᠡᠨ ᠭᠠᠳᠠᠨ᠎ᠠ ᠡᠷᠦᠬᠡ ᠪᠠᠷ ᠭᠦᠨᠵᠡᠬᠡᠶᠢᠷᠡᠬᠦ᠂ ᠤᠬᠠᠭᠤᠯᠭ᠎ᠠ ᠶᠢᠨ | ᠬᠠᠭᠤᠳᠠᠰᠤ ᠲᠠᠷᠬᠠᠭᠠᠬᠤ ᠵᠡᠷᠭᠡ ᠠᠷᠭ᠎ᠠ ᠪᠠᠷ ᠮᠠᠯᠴᠢᠨ ᠲᠠᠷᠢᠶᠠᠴᠢᠨ ᠢ ᠬᠠᠮᠲᠤ ᠪᠠᠷ ᠲᠠᠶᠢᠴᠢᠯᠡᠨ ᠵᠢᠯᠣᠭᠤᠳᠴᠤ | ᠪᠠᠶᠢᠭᠠᠳ ᠵᠥᠪ ᠥᠷᠲᠡᠭ ᠤᠨ ᠦᠵᠡᠯᠲᠡ᠂ ᠬᠠᠤᠯᠢᠵᠢᠯ ᠤᠨ ᠦᠵᠡᠯᠲᠡ᠂ ᠤᠷᠤᠭ ᠤᠨ ᠦᠵᠡᠯᠲᠡ᠂ ᠬᠡᠷ ᠪᠦᠯᠢ ᠶᠢᠨ | ᠦᠵᠡᠯᠲᠡ ᠶᠢ ᠪᠣᠶ ᠪᠣᠯᠭᠠᠵᠤ᠂ ᠬᠠᠷᠢᠶ᠎ᠠ ᠣᠷᠣᠨ ᠤ ᠮᠠᠯᠴᠢᠨ ᠲᠠᠷᠢᠶᠠᠴᠢᠨ ᠤ ᠡᠩᠬᠡ ᠲᠠᠶᠢᠪᠤᠩ ᠠᠮᠤᠷ ᠠᠮᠤᠭᠤᠯᠠᠩ | ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠤ ᠱᠠᠭᠠᠷᠳᠠᠵᠠᠢ᠃ |