| | 1 ᠰᠠᠷ᠎ᠠ ᠶᠢᠨ 20 ᠤ ᠡᠳᠦᠷ᠂ ᠵᠠᠯᠠᠶᠢᠳ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ ᠠᠴᠠ ᠭᠤᠤᠯᠯᠠᠨ ᠡᠷᠭᠢᠯᠡᠵᠦ᠂ ᠵᠠᠯᠠᠶᠢᠳ ᠬᠤᠰᠢᠭᠤᠨ ᠤ ᠰᠣᠶᠣᠯ ᠤᠨ ᠣᠷᠳᠣᠨ ᠪᠣᠯᠤᠨ ᠲᠦᠩ ᠬᠠᠶ ᠯᠤ᠋ | ᠨᠡᠶᠢᠭᠡᠮ ᠲᠣᠭᠤᠷᠢᠭ ᠤᠨ ᠬᠠᠮᠲᠤᠷᠠᠨ ᠡᠷᠭᠢᠯᠡᠭᠰᠡᠨ ︽ᠰᠢᠨ᠎ᠡ ᠵᠢᠯ ᠢᠶᠠᠨ ᠪᠠᠶᠠᠷᠯᠠᠨ ᠤᠭᠲᠤᠵᠤ᠂ ᠴᠠᠭᠠᠨ ᠰᠠᠷ᠎ᠠ ᠶᠢᠨ | ᠬᠤᠣᠰ ᠤᠶᠠᠩᠭ᠎ᠠ ᠬᠦᠷᠭᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠤᠨ ᠵᠥᠩᠨᠡᠯ ᠳᠡᠪᠰᠢᠭᠦᠯᠤᠶᠠ︾ ᠭᠡᠬᠦ | ᠠᠵᠢᠯᠯᠠᠭ᠎ᠠ ᠥᠷᠨᠢᠭᠦᠯᠪᠡ᠃ | | | | | | | ︽ᠰᠢᠨ᠎ᠡ ᠵᠢᠯ ᠢᠶᠠᠨ ᠪᠠᠶᠠᠷᠯᠠᠨ ᠤᠭᠲᠤᠵᠤ ᠴᠠᠭᠠᠨ ᠰᠠᠷ᠎ᠠ ᠶᠢᠨ ᠬᠤᠣᠰ ᠤᠶᠠᠩᠭ᠎ᠠ ᠬᠦᠷᠭᠡᠵᠦ᠂ ᠠᠷᠠᠳ ᠤᠨ | ᠰᠡᠳᠬᠢᠯ ᠢ ᠳᠤᠯᠠᠭᠠᠴᠠᠭᠤᠯᠤᠨ ᠵᠥᠩᠨᠡᠯ ᠳᠡᠪᠰᠢᠭᠦᠯᠦᠶ᠎ᠡ︾ ᠭᠡᠬᠦ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠶᠠᠷ | ᠬᠦᠷ ᠢᠶᠠᠷ ᠪᠢᠯᠬᠠᠵᠤ᠂ ᠵᠥᠩᠨᠡᠯ ᠳᠡᠪᠰᠢᠭᠦᠯᠦᠭᠰᠡᠨ ᠴᠠᠭᠠᠨ ᠰᠠᠷ᠎ᠠ ᠶᠢᠨ ᠬᠤᠣᠰ ᠤᠶᠠᠩᠭ᠎ᠠ ᠪᠣᠯᠤᠨ ᠰᠠᠭᠤᠭᠠᠯᠢ | ᠠᠷᠠᠳ ᠤᠨ ᠪᠠᠶᠠᠷ ᠪᠠᠶᠠᠰᠬᠤᠯᠠᠩ ᠨᠢ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠴᠠᠭᠠᠨ ᠰᠠᠷ᠎ᠠ ᠳᠤ ᠰᠢᠨ᠎ᠠ ᠵᠢᠯ | ᠤᠨ ᠠᠭᠤᠷ ᠠᠮᠢᠰᠬᠤᠯ ᠢ ᠦᠳᠭᠡᠷᠡᠬᠦᠯᠵᠠᠢ᠃ | ᠠᠵᠢᠯᠯᠠᠭ᠎ᠠ ᠶᠢᠨ ᠳᠤᠮᠳᠠ᠂ ᠵᠠᠯᠠᠶᠢᠳ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ | ᠤᠯᠠᠮᠵᠢᠯᠠᠭᠴᠢ ᠲᠤᠬᠠᠶ ᠶᠢᠨ ᠲᠠᠯᠠᠪᠠᠶ ᠳᠤ ᠪᠢᠷ ᠪᠡᠭᠡ ᠠᠳᠬᠤᠨ ᠰᠠᠭᠤᠭᠠᠯᠢ ᠠᠷᠠᠳ ᠲᠤ ᠴᠠᠭᠠᠨ ᠰᠠᠷ᠎ᠠ ᠶᠢᠨ | ᠬᠤᠤᠰ ᠤᠶᠠᠩᠭ᠎ᠠ ᠪᠢᠴᠢᠵᠤ ᠦᠭᠬᠦᠯ᠎ᠡ᠃ ᠰᠠᠶᠢᠨ ᠰᠠᠶᠢᠬᠠᠨ ᠢ ᠪᠡᠯᠭᠡᠳᠡᠭᠰᠡᠨ ︽ᠪᠤᠶᠠᠨ︾ ᠦᠰᠦᠭ᠂ ᠴᠠᠭᠠᠨ | ᠰᠠᠷ᠎ᠠ ᠶᠢᠨ ᠰᠠᠶᠢᠨ ᠰᠠᠶᠢᠬᠠᠨ ᠬᠦᠰᠡᠯ ᠵᠥᠩᠨᠡᠯ ᠨᠢ ᠰᠠᠭᠤᠭᠠᠯᠢ ᠠᠷᠠᠳ ᠤᠨ ᠬᠠᠯᠠᠭᠤᠨ ᠬᠦᠷᠢᠶᠡᠯᠡᠯ ᠢ ᠤᠯᠪᠠ᠃ | ᠰᠠᠭᠤᠭᠠᠯᠢ ᠠᠷᠠᠳ ᠤᠳ ᠦᠪᠡᠷ ᠤᠨ ᠳᠤᠷᠠᠲᠠᠢ ᠬᠤᠣᠰ ᠤᠶᠠᠩᠭ᠎ᠠ ᠪᠠᠨ ᠰᠤᠩᠭᠤᠨ᠎ᠠ᠃ ᠡᠨᠡ ᠬᠦ ᠴᠠᠭ ᠮᠥᠴᠡ ᠳᠤ | ᠥᠯᠵᠡᠶ ᠪᠡᠯᠭᠡ ᠲᠠᠢ ᠬᠤᠣᠰ ᠤᠶᠠᠩᠭ᠎ᠠ ᠨᠢ ᠢᠷᠡᠭᠡᠳᠦᠢ ᠶᠢᠨ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠬᠤ ᠪᠠᠷ | ᠪᠠᠷᠠᠬᠤ ᠦᠭᠡᠢ᠂ ᠨᠡᠩ ᠴᠤ ᠰᠢᠨ᠎ᠠ ᠵᠢᠯ ᠤᠨ ᠦᠨᠦᠷ ᠠᠮᠲᠠ ᠪᠤᠯᠤᠨ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ | ᠳᠠᠮᠵᠢᠭᠤᠯᠵᠠᠢ᠃ | | | | | | | ᠳᠠᠭᠤᠤ ᠬᠥᠭᠵᠢᠮ ᠡᠬᠢᠯᠡᠮᠡᠭᠴᠡ᠂ ᠰᠢᠨ᠎ᠠ ᠵᠢᠯ ᠤᠨ ᠦᠨᠦᠷ ᠤᠯᠠᠮ ᠥᠳᠭᠡᠨ ᠪᠤᠯᠵᠠᠢ᠃ ᠭᠤᠶᠢᠳᠡ ᠰᠠᠶᠢᠬᠠᠨ | ᠤᠷᠠᠨ ᠰᠠᠶᠢᠬᠠᠨ ᠤ ᠲᠣᠭᠯᠠᠯᠲᠠ ᠶᠢ ᠵᠠᠯᠭᠠᠭ᠎ᠠ ᠪᠠᠷ ᠲᠤᠭᠯᠠᠵᠠᠭᠠᠨᠠ᠃ ︽ᠮᠠᠭᠲᠠᠭᠠᠯ ᠳᠠᠭᠤᠤ︾᠂ ︽ ᠬᠦᠳᠡᠭᠡ | ᠲᠠᠯ᠎ᠠ ᠳᠤ ᠮᠥᠩᠬᠡ ᠶᠢᠨ ᠨᠠᠷᠠᠨ ᠮᠠᠨᠳᠤᠯ᠎ᠠ︾ ᠭᠡᠬᠦ ᠨᠠᠶᠢᠷᠠᠯ ᠲᠠᠭᠤᠤ ᠬᠠᠩᠬᠢᠨᠠᠵᠤ᠂ ᠡᠮᠡᠭᠳᠡᠢ ᠶᠢᠨ ᠭᠤᠴᠣᠯᠠᠯ | ᠳᠠᠭᠤᠤ ︽ᠪᠠᠢ ᠢᠦᠢ ᠯᠠᠨ︾᠂ ᠨᠠᠶᠢᠷᠠᠯ ᠬᠥᠭᠵᠢᠮ ︽ᠡᠮᠡᠭᠲᠡᠶ ᠴᠡᠷᠢᠭ ᠤᠨ ᠤᠷᠤᠭᠰᠢᠯᠠᠯᠲᠠ ᠶᠢᠨ ᠬᠥᠭᠵᠢᠮ︾ ᠨᠢ | ᠰᠢᠨ᠎ᠡ ᠵᠢᠯ ᠤᠨ ᠲᠤᠬᠠᠢ ᠬᠦᠰᠡᠯ ᠡᠷᠡᠮᠡᠯᠵᠡᠯ ᠪᠠ ᠬᠦᠰᠡᠯ ᠵᠥᠩᠨᠡᠯ ᠢᠶᠠᠨ ᠢᠯᠡᠳᠬᠡᠵᠤ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠠᠮᠢᠳᠤᠷᠠᠯ ᠤᠨ ᠲᠤᠬᠠᠶ ᠬᠠᠶᠢᠷ᠎ᠠ ᠰᠡᠳᠬᠢᠯᠭᠡ ᠪᠠ ᠬᠦᠰᠡᠯ ᠡᠷᠡᠮᠡᠯᠵᠡᠯ ᠢ ᠴᠤ | ᠢᠯᠡᠷᠡᠭᠦᠯᠦᠭᠰᠡᠨ ᠪᠠᠶᠢᠨ᠎ᠠ᠃ | ︽ᠥᠨᠥᠳᠦᠷ ᠪᠢ ᠲᠦᠩ ᠬᠠᠢ ᠯᠤ᠋ ᠵᠠᠮ ᠤᠨ ᠨᠡᠶᠢᠭᠡᠮ ᠲᠣᠭᠤᠷᠢᠭ ᠲᠤ ᠢᠷᠡᠵᠤ᠂ ᠣᠯᠠᠨ ᠲᠠᠢ ᠬᠠᠮᠲᠤ ᠰᠢᠨ᠎ᠡ | ᠵᠢᠯ ᠢᠶᠠᠨ ᠤᠭᠳᠤᠵᠤ᠂ ᠥᠪᠡᠷ ᠤᠨ ᠳᠠᠭᠤᠤ ᠪᠣᠯᠤᠨ ᠬᠦᠰᠡᠯ ᠵᠦᠩᠨᠡᠯ ᠢᠶᠠᠨ ᠡ᠊ᠨᠳᠡᠬᠢ ᠰᠠᠭᠤᠭᠠᠯᠢ ᠠᠷᠠᠳ ᠲᠤ | ᠠᠪᠴᠢᠷᠠᠵᠤ ᠦᠭᠬᠦᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠂ ᠳᠠᠷᠠᠭ᠎ᠠ ᠤᠳᠠᠭ᠎ᠠ ᠪᠠᠰᠠ ᠢᠷᠡᠬᠦ ᠶᠢ ᠬᠦᠰᠡᠵᠦ | ᠪᠠᠶᠢᠨ᠎ᠠ︾ ᠭᠡᠵᠤ ᠲᠤᠭᠯᠠᠭᠴᠢ ᠲᠠᠢ ᠰᠢᠤᠸᠠᠢ ᡁᠢ ᠬᠡᠯᠡᠪᠡ᠃ | | | | | | | ︽ᠪᠢᠳᠡ ᠲᠦᠩ ᠬᠠᠢ ᠯᠤ᠋ ᠨᠡᠶᠢᠭᠡᠮ ᠲᠣᠭᠤᠷᠢᠭ ᠲᠤ ︿ᠰᠢᠨ᠎ᠡ ᠵᠢᠯ ᠢᠶᠠᠨ ᠪᠠᠶᠠᠷᠯᠠᠨ ᠤᠭᠲᠤᠵᠤ᠂ ᠴᠠᠭᠠᠨ | ᠰᠠᠷ᠎ᠠ ᠶᠢᠨ ᠬᠤᠣᠰ ᠤᠶᠠᠩᠭ᠎ᠠ ᠬᠦᠷᠭᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠤᠨ ᠵᠥᠩᠨᠡᠯ ᠳᠡᠪᠰᠢᠭᠦᠯᠤᠶᠠ﹀ | ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠦᠭᠰᠡᠨ ᠨᠢ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ | ᠰᠡᠳᠬᠢᠯᠭᠡ ᠶᠢ ᠵᠤᠵᠠᠭᠠᠳᠬᠠᠭᠰᠠᠨ ᠢᠶᠠᠷ ᠪᠠᠷᠠᠬᠤ ᠦᠭᠡᠢ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠴᠤ | ᠨᠡᠮᠡᠭᠳᠡᠬᠦᠯᠵᠠᠢ︾ ᠭᠡᠵᠤ ᠵᠠᠯᠠᠶᠢᠳ ᠬᠤᠰᠢᠭᠤᠨ ᠤ ᠰᠤᠶᠤᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠤᠪᠴᠢᠶ᠎ᠠ ᠶᠢᠨ | ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠯᠧᠩ ᠰᠢᠤᠸᠠᠢ ᠬᠡᠯᠡᠵᠠᠢ᠃ | |