| ︽ᠰᠠᠶᠢᠨ ᠪᠠᠶᠢᠨ᠎ᠠ ᠤᠤ︖ ᠪᠢᠳᠡ ᠪᠤᠯ ᠨᠡᠶᠢᠭᠡᠮ ᠲᠣᠭᠤᠷᠢᠭ ᠤᠨ ᠰᠠᠶᠢᠨ ᠳᠤᠷᠠᠴᠤᠳ᠂ ᠲᠠ ᠨᠠᠷ ᠲᠤ | 2025 ᠤᠨ ᠤ ᠴᠠᠭ ᠤᠯᠠᠷᠢᠯ ᠤᠨ ᠪᠢᠴᠢᠭ ᠢ ᠬᠦᠷᠭᠡᠵᠦ ᠢᠷᠡᠯ᠎ᠡ ᠁︾ 1 ᠰᠠᠷ᠎ᠠ ᠶᠢᠨ 7 ᠤ ᠡᠳᠦᠷ᠂ | ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠭᠡᠰᠢᠬᠦᠨ ᠣᠯᠠᠨ | ᠲᠦᠮᠡᠨ ᠳᠤ ᠦᠢᠯᠡᠴᠢᠯᠡᠬᠦ ᠲᠥ᠋ᠪ ᠠᠴᠠ ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠢ ᠵᠤᠬᠢᠶᠠᠨ ᠪᠠᠶᠢᠭᠤᠯᠤᠨ ︽ | ᠡᠭᠦᠳᠡ ᠲᠣᠭᠰᠢᠬᠤ ᠠᠵᠢᠯᠯᠠᠭ᠎ᠠ︾ ᠥᠷᠨᠢᠭᠦᠯᠦᠨ᠂ ᠬᠠᠷᠢᠶ᠎ᠠ ᠤᠷᠤᠨ ᠤ ᠰᠠᠭᠤᠭᠠᠯᠢ ᠠᠷᠠᠳ ᠲᠤ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ᠂ ᠨᠠᠰᠤᠵᠢᠯ ᠤᠨ ᠠᠰᠠᠷᠠᠮᠵᠢ ᠶᠢᠨ ᠨᠥᠬᠦᠪᠥᠷᠢ ᠵᠡᠷᠭᠡ ᠠᠷᠠᠳ ᠤᠨ ᠠᠮᠢᠳᠤᠷᠠᠯ ᠲᠠᠢ ᠨᠢᠭᠲᠠ | ᠬᠤᠯᠪᠣᠭ᠎ᠠ ᠲᠠᠢ ᠠᠷᠠᠳ ᠲᠤ ᠠᠰᠢᠭ ᠬᠦᠷᠲᠡᠭᠡᠬᠦ ᠠᠯᠢ ᠣᠯᠠᠨ ᠲᠥᠷᠥ ᠶᠢᠨ ᠪᠣᠳᠣᠯᠭ᠎ᠠ ᠶᠢ ᠮᠡᠳᠡᠭᠦᠯᠪᠡ᠃ | ︽ᠨᠡᠶᠢᠭᠡᠮ ᠲᠣᠭᠤᠷᠢᠭ ᠤᠨ ᠠᠵᠢᠯᠲᠠᠳ ᠦᠷᠭᠦᠯᠵᠢ ᠬᠡᠷ ᠢᠶᠠᠷ ᠢᠷᠡᠵᠦ ᠤᠯᠤᠰ ᠤᠨ ᠲᠥᠷᠥ ᠶᠢᠨ | ᠪᠣᠳᠣᠯᠭ᠎ᠠ ᠶᠢ ᠤᠬᠠᠭᠤᠯᠳᠠᠬ᠂ ᠣᠶᠢᠯᠠᠭᠠᠬᠤ ᠥᠬᠡᠶ ᠵᠦᠢᠯ ᠢᠶᠠᠨ ᠠᠰᠠᠭᠤᠪᠠᠯ ᠮᠠᠰᠢ ᠲᠤᠳᠤᠷᠬᠠᠢ ᠬᠠᠷᠢᠭᠤᠯᠳᠡ | ᠦᠭᠭᠦᠳᠡᠭ ᠶᠤᠮ︾ ᠭᠡᠵᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠠᠩ ᠬᠦᠢ ᠹᠧᠨ ᠬᠡᠯᠡᠨ᠎ᠡ᠃ | ︽ᠭᠠᠷ ᠭᠠᠷ ᠢᠶᠠᠨ ᠬᠤᠯᠪᠣᠯᠴᠠᠨ᠂ ᠰᠡᠳᠭᠢᠯ ᠵᠢᠷᠦᠬᠡ ᠪᠠᠨ ᠬᠤᠯᠪᠣᠨ᠎ᠠ᠂ ᠳᠤᠮᠳᠠᠳᠤ ᠶᠢᠨ ᠦᠨᠳᠦᠰᠦᠲᠡᠨ ᠤ | ᠶᠡᠭᠡ ᠬᠡᠷ ᠪᠦᠯᠢ ᠦᠨᠢᠲᠡ ᠰᠠᠯᠤᠰᠢ ᠥᠬᠡᠶ ᠁︾ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠪᠤᠷᠭᠠᠰᠤᠲᠠᠶ ᠰᠢᠶᠠᠩ ᠤᠨ ︽ᠲᠠᠭᠤᠨ ᠦᠨᠳᠦᠷ︾ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠬᠢ ᠴᠤ ᠡᠬᠢᠯᠡᠨ ᠬᠦᠳᠡᠯᠦᠯᠴᠡᠪᠡ᠃ ᠲᠡᠳᠡ ᠬᠦᠳᠡᠭᠡ ᠲᠣᠰᠬᠤᠨ ᠠᠶᠢᠯ ᠡᠷᠦᠬᠡ ᠪᠠᠷ | ᠭᠦᠨᠵᠡᠭᠡᠶᠢᠷᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠣᠨᠣᠯ ᠢ ᠤᠬᠠᠭᠤᠯᠤᠨ ᠲᠠᠶᠢᠯᠪᠤᠷᠢᠯᠠᠨᠡ᠃ | ︽ᠡᠨᠡ ᠤᠬᠠᠭᠤᠯᠬᠤ ᠠᠩᠬᠢ ᠮᠠᠰᠢ ᠰᠠᠶᠢᠨ᠂ ᠶᠠᠷᠢᠭᠰᠠᠨ ᠵᠦᠢᠯ ᠨᠢ ᠤᠯᠠᠨ ᠲᠦᠮᠡᠨ ᠤ ᠰᠡᠳᠬᠢᠯ ᠳᠤ ᠭᠦᠷᠴᠤ | ᠪᠠᠶᠢᠨ᠎ᠠ᠂ ᠪᠢᠳᠡ ᠪᠦᠷ ᠣᠶᠢᠯᠠᠭᠠᠵᠤ ᠲᠡᠶᠢᠯᠦᠨ᠎ᠡ︾ ᠭᠡᠵᠦ ᠪᠤᠷᠭᠠᠰᠤᠲᠠᠢ ᠰᠢᠶᠠᠩ ᠤᠨ ᠬᠢᠩᠭᠠᠨ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠵᠠᠩ ᠱᠦ ᠯᠢᠨ ᠡᠷᠡᠭᠡᠢ ᠭᠠᠷᠭᠠᠨ ᠮᠠᠭᠲᠠᠨ᠎ᠠ᠃ ︽ᠲᠠᠭᠤᠨ ᠦᠨᠳᠦᠷ︾ | ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠪᠠᠶᠢᠭᠤᠯᠤᠬᠳᠠᠬᠰᠠᠨ ᠠᠴᠠ | ᠲᠣᠰᠬᠤᠨ ᠤ ᠠᠷᠠᠳ ᠦᠷᠭᠦᠯᠵᠢ ᠨᠢᠭᠡ ᠲᠤᠤᠷ᠎ᠠ ᠴᠤᠭᠯᠠᠷᠠᠵᠤ᠂ ᠲᠣᠭᠯᠠᠯᠲᠠ ᠦᠵᠡᠵᠦ᠂ ᠲᠦᠷᠦ ᠶᠢᠨ ᠪᠤᠳᠤᠯᠭ᠎ᠠ ᠶᠢ | ᠰᠣᠨᠣᠰᠴᠤ᠂ ᠤᠳᠤ ᠶᠢᠨ ᠰᠠᠶᠢᠨ ᠰᠠᠶᠢᠬᠠᠨ ᠠᠮᠢᠳᠤᠷᠠᠯ ᠢᠶᠠᠨ ᠡᠷᠬᠢᠴᠡᠭᠦᠯᠳᠡᠭ ᠪᠠᠶᠢᠯ᠎ᠠ᠃ | ᠡᠪᠦᠯ ᠤᠨ ᠤᠯᠠᠷᠢᠯ ᠬᠢᠩᠭᠠᠨ ᠳᠠᠪᠠᠭ᠎ᠠ ᠪᠠᠷ ᠠᠶᠠᠯᠠᠬᠤᠶ᠎ᠠ᠂ ᠭᠤᠶᠣᠮᠰᠤᠭ ᠰᠠᠶᠢᠬᠠᠨ ᠠᠷᠠᠳ ᠤᠨ ᠣᠷᠣᠨ | ᠰᠠᠭᠤᠴᠠ᠂ ᠪᠠᠶᠠᠷ ᠪᠠᠶᠠᠰᠬᠤᠯᠠᠩᠲᠤ ᠳᠠᠭᠤᠤ ᠪᠥᠵᠢᠭ᠂ ᠬᠠᠷᠢᠯᠴᠠᠨ ᠬᠠᠪᠰᠤᠷᠤᠯᠴᠠᠭᠰᠠᠨ ᠡᠶ᠎ᠡ ᠨᠠᠶᠢᠷᠰᠠᠭ ᠬᠥᠷᠰᠢ | ᠵᠡᠷᠭᠡᠯᠡᠳᠡᠭᠡ ᠨᠦᠭᠦᠳ ᠁ ᠭᠠᠵᠠᠷ ᠪᠣᠯᠭᠠᠨ ᠳᠤ ᠦᠨᠳᠦᠰᠦᠲᠡᠨ ᠨᠦᠭᠦᠳ ᠤᠨ ᠬᠠᠷᠢᠯᠴᠠᠨ ᠲᠦᠰᠢᠯᠴᠡᠵᠦ | ᠬᠠᠷᠢᠯᠴᠠᠨ ᠬᠠᠪᠰᠤᠷᠤᠯᠴᠠᠬᠰᠠᠨ ᠰᠡᠳᠭᠢᠯ ᠬᠥᠳᠡᠯᠭᠡᠮ᠎ᠡ ᠵᠢᠷᠤᠭ ᠳᠦᠷᠰᠦ ᠳᠡᠯᠭᠡᠭᠳᠡᠨ᠎ᠠ᠃ | ᠬᠠᠮᠲᠤ ᠪᠠᠷ ᠰᠤᠷᠤᠯᠴᠠᠬᠤ ᠶᠢ ᠬᠥᠲᠥᠯᠥᠨ ᠳᠠᠭᠠᠭᠤᠯᠵᠤ᠂ ᠨᠢᠭᠡ ᠤᠳᠠᠭᠠᠨ ᠤ ᠣᠯᠠᠨ ᠲᠦᠮᠡᠨᠴᠢ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ︔ ᠣᠷᠣᠯᠭ᠎ᠠ ᠪᠠᠨ ᠨᠡᠮᠡᠭᠳᠡᠭᠦᠯᠵᠦ ᠬᠠᠮᠲᠤ ᠪᠠᠷ ᠪᠠᠶᠠᠵᠢᠬᠤ ᠶᠢ | ᠲᠠᠶᠢᠴᠢᠯᠠᠵᠤ᠂ ᠨᠢᠭᠡ ᠤᠳᠠᠭᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠪᠠ︔ ᠰᠣᠶᠣᠯ ᠢ ᠬᠠᠮᠲᠤ ᠪᠠᠷ ᠡᠳ᠋ᠯᠡᠬᠦ ᠶᠢ ᠬᠦᠨᠵᠡᠭᠡᠶᠢᠷᠡᠬᠦᠯᠵᠦ᠂ ᠨᠢᠭᠡ ᠤᠳᠠᠭᠠᠨ ᠤ ᠰᠣᠶᠣᠯ ᠤᠨ | ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ︔ ᠣᠷᠴᠢᠨ ᠲᠣᠭᠤᠷᠢᠨ ᠢ ᠬᠠᠮᠲᠤ ᠪᠠᠷ ᠭᠤᠶᠤᠵᠢᠭᠤᠯᠬᠤ ᠶᠢ | ᠰᠠᠨᠠᠭᠠᠴᠢᠯᠠᠵᠤ᠂ ᠨᠢᠭᠡ ᠤᠳᠠᠭᠠᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠠᠵᠢᠯᠯᠠᠭ᠎ᠠ ᠥᠷᠨᠢᠭᠦᠯᠪᠠ︔ ᠲᠣᠭᠲᠠᠭᠤᠨ ᠪᠥᠭᠡᠳ ᠠᠮᠤᠷ ᠠᠮᠤᠭᠤᠯᠠᠩ ᠢ ᠡᠷᠬᠢᠮᠯᠡᠵᠦ᠂ ᠨᠢᠭᠡ ᠤᠳᠠᠭᠠᠨ ᠤ | ᠵᠥᠷᠢᠴᠡᠯ ᠵᠠᠭᠤᠷᠠᠯᠳᠤᠭᠠᠨ ᠤ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠪᠠ ᠁ 2024 | ᠣᠨ ᠳᠤ᠂ ᠬᠢᠩᠭᠠᠨ ᠠᠶᠢᠮᠠᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ︽ᠲᠠᠪᠤᠨ ᠨᠢᠭᠡ︾ ᠤᠯᠠᠨ ᠲᠦᠮᠡᠨ ᠤ ᠠᠵᠢᠯ ᠤᠨ ᠠᠷᠭ᠎ᠠ ᠶᠢ ᠬᠡᠷᠡᠭᠵᠢᠭᠦᠯᠵᠦ᠂ ᠤᠯᠠᠷᠢᠯ ᠪᠦᠷᠢ | ᠦᠨᠳᠦᠰᠦᠲᠡᠨ ᠨᠦᠭᠦᠳ ᠤᠨ ᠤᠯᠠᠨ ᠲᠦᠮᠡᠨ ᠢ ᠳᠠᠭᠠᠭᠤᠯᠤᠨ ︽ᠲᠠᠪᠤᠨ ᠨᠢᠭᠡ︾ ᠶᠢᠨ ᠠᠵᠢᠯᠯᠠᠭ᠎ᠠ ᠶᠢ ᠥᠷᠨᠢᠭᠦᠯᠪᠡ | ᠂ ᠡᠨᠡ ᠬᠦ ᠠᠵᠢᠯ ᠤᠨ ᠬᠡᠷᠡᠭᠵᠢᠭᠦᠯᠦᠯᠲᠡ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠣᠷᠣᠰᠢᠨ | ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ᠂ ᠬᠠᠮᠲᠤ ᠪᠠᠷ | ᠠᠭᠤᠰᠤᠯᠴᠠᠵᠤ ᠬᠠᠮᠲᠤ ᠶᠢᠨ ᠬᠠᠶᠢᠷ᠎ᠠ ᠰᠡᠳᠭᠢᠯᠭᠡ ᠶᠢ ᠤᠯᠠᠮ ᠴᠢᠨᠠᠭᠰᠢᠳᠠ ᠨᠡᠮᠡᠭᠳᠡᠭᠦᠯᠪᠡ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ ᠶᠤᠸᠠᠨ ᠰᠢᠨ ᠲᠣᠰᠬᠤᠨ ᠳᠤ | ᠂ ᠪᠠᠶᠢᠳᠠᠯ ᠢ ᠨᠢᠭᠡᠳᠦᠭᠡᠷ ᠹᠷᠣᠨᠲ ᠠᠴᠠ ᠣᠶᠢᠯᠠᠭᠠᠵᠤ᠂ ᠠᠰᠠᠭᠤᠳᠠᠯ ᠢ ᠨᠢᠭᠡᠳᠦᠭᠡᠷ ᠹᠷᠣᠨᠲ ᠠᠴᠠ ᠢᠯᠡᠷᠡᠭᠦᠯᠵᠦ᠂ | ᠵᠥᠷᠢᠴᠡᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠵᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠠᠮᠤᠷ | ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ ᠴᠢᠳᠠᠭᠰᠠᠨ ᠨᠢ ︽ᠭᠤᠤ ᠤᠪᠤᠬᠲᠤ︾ ᠶᠢᠨ | ᠠᠴᠢ ᠭᠠᠪᠢᠶ᠎ᠠ ᠪᠣᠯᠬᠤ ᠶᠤᠮ᠃ ᠲᠣᠰᠬᠤᠨ ᠤ ᠠᠷᠠᠳ ᠵᠠᠭᠤᠷᠠᠯᠳᠤᠭᠠᠨ ᠪᠤᠶᠤ ᠵᠥᠷᠢᠴᠡᠯ ᠡᠭᠦᠰᠬᠦ ᠪᠦᠷᠢ | ᠡᠶᠡᠳᠡᠭᠦᠯᠦᠭᠴᠢ ᠭᠤᠤ ᠵᠦᠩ ᠢ ᠶᠢ ᠡᠷᠢᠵᠦ ᠬᠠᠪᠰᠤᠷᠤᠨ ᠡᠶᠡᠳᠡᠭᠦᠯᠬᠦ ᠶᠢ ᠪᠣᠳᠣᠵᠤ ᠣᠯᠳᠠᠭ᠃ | ᠭᠤᠤ ᠵᠦᠩ ᠢ ᠡᠳᠦᠷ ᠪᠦᠷᠢ ᠴᠠᠭ ᠲᠠᠢ ᠯᠠ ᠪᠣᠯ ᠲᠣᠰᠬᠤᠨ ᠢᠶᠠᠷ ᠲᠣᠭᠤᠷᠢᠨ ᠴᠠᠭᠳᠠᠵᠤ᠂ ᠪᠠᠭ᠎ᠠ ᠤᠴᠢᠷ ᠢ | ᠢᠯᠡᠷᠡᠭᠦᠯᠪᠡᠯ ᠲᠤᠬᠠᠢ ᠶᠢᠨ ᠲᠠᠯᠠᠪᠠᠢ ᠳᠤᠨᠢ ᠰᠢᠢᠳᠪᠦᠷᠢᠯᠡᠵᠦ᠂ ᠶᠡᠭᠡ ᠶᠠᠪᠤᠳᠠᠯ ᠢ ᠠᠰᠢᠭ ᠬᠤᠣᠷ ᠢ ᠨᠢ ᠵᠠᠳᠠᠯᠵᠤ | ᠬᠦᠯᠢᠴᠡᠩᠭᠦᠢ ᠪᠠᠷ ᠰᠢᠢᠳᠪᠦᠷᠢᠯᠡᠵᠦ᠂ ᠲᠣᠰᠬᠤᠨ ᠤ ᠠᠷᠠᠳ ᠯᠤᠭ᠎ᠠ ︽ᠰᠠᠶᠢᠨ ᠠᠬ᠎ᠠ ᠳᠡᠭᠦᠦ︾ ᠪᠣᠯᠤᠯᠴᠠᠬᠰᠠᠨ | ᠪᠠᠶᠢᠪᠠ᠃ 2024 ᠣᠨ ᠳᠤ᠂ ᠭᠤᠤ ᠵᠦᠩ ᠢ ᠨᠡᠶᠢᠲᠡ 100 ᠭᠠᠷᠤᠢ ᠵᠥᠷᠢᠴᠡᠯ ᠢ ᠡᠶᠡᠳᠡᠭᠦᠯᠦᠭᠰᠡᠨ ᠪᠠᠶᠢᠨ᠎ᠠ᠃ | | ᠡᠭᠦᠨ ᠲᠠᠢ ᠠᠳᠠᠯᠢ ᠪᠠᠷ᠂ ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ ᠤ ᠶᠦᠩ ᠹᠠᠨ ᠲᠣᠰᠬᠤᠨ ᠤ | ᠠᠵᠢᠯᠯᠠᠭᠠᠨ ᠤ ᠲᠠᠰᠤᠭ ᠲᠤ᠂ ᠰᠣᠶᠣᠯ ᠢ ᠬᠠᠮᠲᠤ ᠪᠠᠷ ᠡᠳ᠋ᠯᠡᠬᠦ ᠴᠠᠭᠠᠰᠤᠨ ᠬᠠᠶᠢᠴᠢᠯᠠᠮᠠᠯ ᠤᠨ ᠪᠣᠯᠪᠠᠰᠤᠷᠠᠯ ᠤᠨ | ᠠᠵᠢᠯᠯᠠᠭ᠎ᠠ ᠶᠠᠭ ᠬᠥᠷ ᠬᠥᠭᠵᠢᠶᠡᠨ ᠲᠠᠢ ᠶᠠᠪᠤᠭᠳᠠᠵᠤ᠂ ᠲᠣᠰᠬᠤᠨ ᠤ ᠠᠷᠠᠳ ᠪᠠᠭᠰᠢ ᠶᠢᠨ ᠳᠠᠭᠠᠭᠤᠯᠭ᠎ᠠ ᠲᠤᠤᠷ᠎ᠠ | ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠰᠢᠯ ᠢ ᠰᠤᠷᠴᠤ ᠪᠠᠶᠢᠯ᠎ᠠ᠃ ᠦᠨᠳᠦᠰᠦᠨ ᠱᠠᠲᠤᠨ ᠳᠤ ᠣᠶᠢᠷᠠᠲᠤᠵᠤ | ᠠᠷᠠᠳ ᠤᠨ ᠰᠡᠳᠭᠢᠯ ᠢ ᠳᠤᠯᠠᠭᠠᠴᠠᠭᠤᠯᠬᠤ ᠴᠠᠭᠠᠰᠤᠨ ᠬᠠᠶᠢᠴᠢᠯᠠᠮᠠᠯ ᠤᠨ ᠪᠣᠯᠪᠠᠰᠤᠷᠠᠯ ᠨᠢ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ | ᠰᠢᠳᠢ ᠶᠢ ᠮᠡᠳᠡᠷᠡᠭᠦᠯᠪᠡ᠃ | ᠲᠣᠰᠬᠤᠨ ᠤ ᠠᠷᠠᠳ ᠤᠨ ᠴᠢᠷᠠᠢ ᠳᠤ ᠮᠦᠰᠢᠶᠡᠳᠦ ᠪᠢᠯᠬᠠᠵᠦ ᠰᠡᠳᠬᠢᠯ ᠲᠡᠨᠢᠭᠦᠨ ᠪᠠᠶᠠᠰᠤᠨ᠎ᠠ᠃ ᠤᠯᠠᠭᠠᠨᠬᠠᠳᠠ | ᠪᠠᠯᠭᠠᠰᠤᠨ ᠤ ᠥᠨᠳᠥᠷ ᠪᠠᠷᠢᠮᠵᠢᠶᠠᠲᠤ ᠲᠦᠬᠦᠭᠡᠷᠤᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ | ᠬᠦᠯᠡᠮᠵᠢ ᠳᠤ ᠠᠵᠢᠯᠲᠠᠳ ᠭᠦᠵᠡᠯᠵᠡᠭᠡᠨ᠎ᠡ ᠶᠢᠨ ᠲᠠᠷᠢᠮᠠᠯ ᠤᠨ ᠬᠠᠮᠢᠶᠠᠷᠤᠯᠲᠠ ᠶᠢᠨ ᠲᠤᠷᠰᠢᠯᠭ᠎ᠠ ᠪᠠᠨ ᠰᠣᠯᠢᠯᠴᠠᠵᠤ | ᠪᠠᠶᠢᠯ᠎ᠠ᠃ | ︽ᠲᠠᠷᠢᠶᠠᠯᠠᠩ ᠤᠨ ᠰᠡᠯᠡᠭᠦᠦ ᠴᠠᠭ ᠲᠤ ᠠᠳᠡ ᠢᠷᠡᠵᠦ ᠠᠵᠢᠯᠯᠠᠪᠠᠯ ᠲᠠᠷᠢᠬᠤ ᠮᠡᠷᠭᠡᠵᠢᠯ ᠢ ᠣᠯᠵᠤ | ᠰᠤᠷᠬᠤ ᠪᠠᠷ ᠪᠠᠷᠠᠬᠤ ᠦᠭᠡᠢ ᠪᠠᠰᠠ ᠭᠡᠷ ᠪᠦᠯᠢ ᠶᠢᠨ ᠣᠷᠣᠯᠭ᠎ᠠ ᠪᠠᠨ ᠨᠡᠮᠡᠭᠳᠡᠭᠦᠯᠵᠦ ᠴᠢᠳᠠᠨ᠎ᠠ︾ ᠭᠡᠦ | ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ ᠵᠢᠯ ᠰᠢᠬᠠᠮ ᠠᠵᠢᠯᠯᠠᠭᠰᠠᠨ ᠭᠤᠤ ᠶᠢᠨ ᠠᠶᠢᠯ ᠭᠠᠴᠠᠭᠠᠨ ᠤ ᠡᡁᠧ | ᠰᠢᠶᠤᠤ ᠴᠢᠩ ᠶᠠᠷᠢᠨ᠎ᠠ᠃ ︽ᠤᠯᠠᠭᠠᠨᠬᠠᠳᠠ ᠪᠠᠯᠭᠠᠰᠤᠨ ᠤ ᠥᠨᠳᠥᠷ ᠪᠠᠷᠢᠮᠵᠢᠶᠠᠲᠤ ᠲᠦᠬᠦᠭᠡᠷᠤᠮᠵᠢᠳᠤ | ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ ᠨᠡᠷᠡᠨ ᠬᠡᠷᠡᠯ ᠤᠨ ᠬᠦᠯᠡᠮᠵᠢ 12᠂ ᠬᠦᠢᠲᠡᠨ ᠰᠠᠷᠠᠪᠴᠢ 11 ᠪᠠᠶᠢᠵᠤ | ᠂ ᠭᠤᠤᠯᠳᠠᠭᠤ ᠲᠥᠪᠡᠳ ᠬᠠᠰᠢ ᠪᠠ ᠰᠢᠷᠣᠶ ᠥᠬᠡᠶ ᠪᠠᠷ ᠳᠠᠷᠢᠵᠤ ᠤᠷᠭᠤᠭᠤᠯᠤᠭᠰᠠᠨ ᠢᠳᠡᠰᠢᠨ ᠨᠣᠭᠤᠭ᠎ᠠ ᠳᠠᠷᠢᠵᠤ | ᠪᠠᠶᠢᠨ᠎ᠠ᠃ ᠬᠦᠷᠢᠶᠡᠯᠡᠩ ᠲᠣᠭᠤᠷᠢᠭ ᠨᠢ ᠡᠳᠦᠷ ᠲᠤᠲᠤᠮ ᠤᠨ 35 ᠬᠥᠮᠦᠨ ᠳᠤ ᠠᠵᠢᠯ ᠣᠯᠭᠤᠵᠤ᠂ ᠬᠠᠮᠤᠭ | ᠤᠯᠠᠨ ᠳᠤ ᠪᠠᠨ 60 ᠬᠥᠮᠦᠨ ᠳᠤ ᠠᠵᠢᠯ ᠤᠯᠭᠤᠵᠤ᠂ ᠬᠥᠮᠦᠨ ᠪᠦᠷᠢ ᠶᠢᠨ ᠰᠠᠷ᠎ᠠ ᠶᠢᠨ ᠣᠷᠣᠯᠭ᠎ᠠ ᠨᠢ 3600 | ᠲᠥᠭᠦᠷᠢᠭ ᠣᠷᠴᠢᠮ ᠳᠤ ᠬᠦᠷᠴᠦ ᠪᠤᠢ︾ ᠭᠡᠵᠦ ᠤᠯᠠᠭᠠᠨᠬᠠᠳᠠ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ | ᠵᠥᠩ ᠶᠢᠨ ᠬᠤᠤ ᠲᠠᠨᠢᠯᠴᠠᠭᠤᠯᠪᠠ᠃ | ᠭᠤᠤ ᠶᠢᠨ ᠠᠶᠢᠯ ᠭᠠᠴᠠᠭ᠎ᠠ ᠲᠠᠢ ᠠᠳᠠᠯᠢ ᠪᠠᠷ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠭᠡᠮᠡᠭᠳᠡᠭᠰᠡᠨ | ᠵᠠᠯᠠᠶᠢᠳ ᠬᠤᠰᠢᠭᠤᠨ ᠤ ᠪᠠᠶᠠᠨᠭᠤᠤᠯ ᠪᠠᠯᠭᠠᠰᠤᠨ ᠤ ᠪᠠᠶᠠᠨ ᠵᠢᠷᠦᠬᠡ ᠲᠣᠰᠬᠤᠨ ᠤ ᠵᠠᠮ ᠴᠡᠪᠡᠷ ᠴᠡᠮᠴᠡᠭᠡᠷ᠂ ᠭᠡᠷ | ᠪᠠᠶᠢᠰᠢᠩ ᠲᠠᠷᠢ ᠲᠡᠭᠰᠢ᠂ ᠬᠦᠷᠢᠶ᠎ᠡ ᠬᠠᠰᠢᠶ᠎ᠠ ᠭᠤᠶᠤ ᠰᠠᠶᠢᠬᠠᠨ᠃ ᠲᠣᠰ ᠲᠣᠰᠬᠤᠨ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠤᠪᠢ ᠬᠤᠷᠠᠮᠳᠤᠭᠤᠯᠬᠤ ᠲᠦᠷᠢᠮ ᠢ ᠬᠡᠷᠡᠭᠵᠢᠭᠦᠯᠵᠦ᠂ ᠲᠣᠰᠬᠤᠨ ᠤ | ᠠᠷᠠᠳ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ᠂ ᠬᠤᠭ ᠨᠣᠪᠰᠢ ᠶᠢ ᠴᠡᠪᠡᠷᠯᠡᠨ | ᠠᠷᠢᠯᠭᠠᠬᠤ᠂ ᠨᠣᠭᠤᠭᠠᠷᠠᠭᠤᠯᠵᠤ ᠭᠤᠶᠣᠵᠢᠭᠤᠯᠬᠤ ᠵᠡᠷᠭᠡ ᠦᠢᠯᠡ ᠠᠵᠢᠯᠯᠠᠭ᠎ᠠ ᠶᠢ ᠬᠤᠪᠢ ᠬᠤᠷᠠᠮᠳᠤᠭᠤᠯᠬᠤ ᠪᠣᠯᠭᠠᠨ | ᠬᠡᠮᠵᠢᠶᠡᠯᠡᠬᠦ ᠶᠢᠨ ᠬᠠᠮᠲᠤ ᠣᠯᠤᠭᠰᠠᠨ ᠬᠤᠪᠢ ᠪᠠᠷ ᠨᠢ ᠱᠠᠩᠨᠠᠯ ᠰᠣᠯᠢᠵᠤ ᠦᠭᠳᠡᠭ᠃ ᠡᠨᠡ ᠬᠦ ᠠᠷᠭ᠎ᠠ ᠬᠡᠮᠵᠢᠶ᠎ᠡ ᠨᠢ | ᠲᠣᠰᠬᠤᠨ ᠤ ᠠᠷᠠᠳ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠬᠥᠳᠡᠯᠭᠡᠬᠦ ᠬᠦᠴᠦᠨ ᠢ | ᠬᠥᠭᠵᠢᠭᠡᠭᠰᠡᠨ ᠢᠶᠠᠷ ᠪᠠᠷᠠᠬᠤ ᠥᠬᠡᠶ ᠪᠠᠰᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠵᠡᠰᠭᠦᠯᠡᠩᠲᠦ | ᠰᠠᠶᠢᠬᠠᠨ ᠦᠩᠭᠡ ᠦᠵᠡᠮᠵᠢ ᠪᠠ ᠬᠡᠷ ᠣᠷᠣᠨ ᠢ ᠬᠠᠮᠲᠤ ᠪᠠᠷ ᠡᠳ᠋ᠯᠡᠬᠦ ᠶᠢ ᠠᠬᠢᠭᠤᠯᠪᠠ᠃ | ᠣᠳᠣᠬᠠᠨ ᠳᠤ᠂ ᠬᠢᠩᠭᠠᠨ ᠠᠶᠢᠮᠠᠭ ᠤᠨ 210 ᠲᠤᠷᠰᠢᠯᠲᠠ ᠶᠢᠨ ᠴᠡᠭ ᠤᠨ ᠲᠣᠰᠬᠤᠨ᠂ ᠨᠡᠶᠢᠭᠡᠮ ᠲᠣᠭᠤᠷᠢᠭ | ᠂ ᠨᠢᠭᠡᠴᠢ ᠨᠢᠭᠡᠨᠲᠡ ︽ᠲᠠᠪᠤᠨ ᠨᠢᠭᠡ︾ ᠶᠢᠨ ᠤᠯᠠᠨ ᠲᠦᠮᠡᠨᠴᠢ ᠠᠵᠢᠯᠯᠠᠭ᠎ᠠ ᠶᠢ 4700 ᠭᠠᠷᠤᠢ ᠤᠳᠠᠭ᠎ᠠ | ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ 100 ᠲᠦᠮᠡ ᠰᠢᠬᠠᠮ ᠬᠥᠮᠦᠨ ᠤᠳᠠᠭ᠎ᠠ | ᠤᠷᠤᠯᠴᠠᠭᠤᠯᠵᠠᠢ᠃ | ︽ᠬᠢᠩᠭᠠᠨ ᠠᠶᠢᠮᠠᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ︿ᠬᠤᠶᠠᠷ ᠣᠷᠣᠨ | ᠨᠢᠭᠡ ᠴᠤᠩᠬᠤᠪᠴᠢ﹀ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︿ᠲᠠᠪᠤᠨ ᠨᠢᠭᠡ﹀ ᠶᠢᠨ ᠠᠵᠢᠯ ᠤᠨ | ᠠᠷᠭ᠎ᠠ ᠶᠢᠨ ᠰᠢᠨ᠎ᠡ ᠶᠢ ᠡᠭᠦᠳᠦᠨ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠬᠦᠯᠦᠨ ᠪᠤᠳᠠᠳᠠᠶᠢᠵᠢᠭᠤᠯᠤᠨ᠎ᠠ︾ ᠭᠡᠵᠦ | ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠸᠠᠩ ᠯᠢᠶᠠᠨ | ᠫᠧᠩ ᠬᠡᠯᠡᠪᠡ᠃ | ᠥᠨᠥᠳᠦᠷ ᠤᠨ ᠬᠢᠩᠭᠠᠨ ᠠᠶᠢᠮᠠᠭ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠪᠠ | ︽ᠲᠠᠪᠤᠨ ᠨᠢᠭᠡ︾ ᠶᠢᠨ ᠤᠯᠠᠨ ᠲᠦᠮᠡᠨ ᠤ ᠠᠵᠢᠯ ᠤᠨ ᠦᠢᠯᠡᠳᠦᠯᠭᠡ ᠳᠣᠣᠷ᠎ᠠ᠂ ᠦᠨᠳᠦᠰᠦᠲᠡᠨ ᠨᠦᠭᠦᠳ ᠤᠨ | ᠤᠯᠠᠨ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠮᠲᠤ ᠪᠠᠷ ᠰᠠᠭᠤᠷᠢᠰᠢᠵᠤ ᠬᠠᠮᠲᠤ ᠪᠠᠷ | ᠰᠤᠷᠤᠯᠴᠠᠬᠤ᠂ ᠬᠠᠮᠲᠤ ᠪᠠᠷ ᠠᠵᠢᠯᠯᠠᠵᠤ ᠬᠠᠮᠲᠤ ᠪᠠᠷ ᠠᠮᠢᠳᠤᠷᠠᠬᠤ᠂ ᠬᠠᠮᠲᠤ ᠪᠠᠷ ᠠᠭᠤᠰᠤᠯᠴᠠᠵᠤ ᠬᠠᠮᠲᠤ ᠪᠠᠷ | ᠴᠣᠭᠴᠠᠯᠠᠬᠤ ᠦᠵᠡᠰᠭᠦᠯᠡᠩᠲᠦ ᠰᠠᠶᠢᠬᠠᠨ ᠰᠢᠨ᠎ᠡ ᠬᠠᠭᠤᠳᠠᠰᠤ ᠶᠢ ᠵᠢᠷᠤᠭᠯᠠᠵᠤ ᠪᠠᠶᠢᠨ᠎ᠠ᠃ | · ᠭᠤᠤ ᠮᠢᠨ ᠨᠠ ᠰᠢᠤᠢ ᠸᠧᠨ ᠵᠢᠶᠦ᠋ᠨ · |