ᠬᠤᠯᠪᠣᠭ᠎ᠠ ᠪᠠᠯᠭᠠᠰᠤ 2025 ᠣᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/24
     1 ᠰᠠᠷ᠎ᠠ ᠶᠢᠨ 23 ᠤ ᠡᠳᠦᠷ᠂ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤ 2025 ᠣᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠦ ᠶᠦᠩ ᠽᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠰᠤᠷᠤᠯᠴᠠᠯᠭ᠎ᠠ ᠳᠤ ᠣᠷᠣᠯᠴᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠶᠢᠨ ᠵᠣᠷᠢᠭ ᠰᠠᠨᠠᠭ᠎ᠠ ᠶᠢ  ᠰᠠᠶᠢᠳᠤᠷ ᠰᠤᠷᠤᠯᠴᠠᠨ ᠣᠶᠢᠯᠠᠭᠠᠵᠤ᠂ ᠶᠡᠷᠦᠩᠬᠡᠢ ᠬᠠᠷᠠᠯᠲᠠ᠂ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠬᠦ ᠳᠤ ᠠᠩᠬᠠᠷᠤᠯ ᠢᠶᠠᠨ ᠲᠦᠪᠯᠡᠷᠡᠬᠦᠯᠵᠤ᠂ ᠬᠠᠳᠠ ᠴᠢᠯᠠᠭᠤ ᠮᠡᠲᠦ ᠪᠠᠲᠤ ᠢᠲᠡᠭᠡᠯ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ ᠢᠶᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠵᠣᠷᠢᠭᠲᠠᠢ ᠪᠠᠷ ᠡᠭᠦᠷᠭᠡᠯᠡᠵᠦ᠂ ᠬᠥᠭᠵᠢᠯᠲᠡ ᠶᠢ ᠯᠠᠪᠳᠠᠭᠤᠨ ᠪᠠᠲᠤᠲᠠᠢ ᠪᠦᠲᠦᠮᠵᠢᠲᠡᠢ ᠠᠳᠬᠤᠵᠤ᠂ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠶᠤᠯ ᠲᠦᠭᠰᠢᠭᠦᠷᠢ ᠶᠢ ᠪᠦᠳᠤᠮᠵᠢᠳᠠᠢ ᠰᠡᠷᠭᠡᠶᠢᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠲᠡᠷᠢᠭᠦᠨ ᠳᠤ ᠣᠷᠣᠬᠤ ᠪᠠᠷ ᠴᠢᠷᠮᠠᠶᠢᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠬᠦ ᠬᠡᠷᠡᠭᠲᠡᠢ᠃ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠪᠦᠬᠦ ᠪᠠᠯᠭᠠᠰᠤᠨ ᠤ ᠠᠵᠢᠯ ᠲᠠᠢ ᠨᠢᠭᠲᠠ ᠤᠶᠠᠯᠳᠤᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠤᠳᠤ ᠦᠶ᠎ᠡ ᠶᠢᠨ ᠬᠥᠳᠡᠭᠡ ᠠᠵᠤ ᠠᠬᠤᠢ᠂ ᠬᠥᠳᠡᠭᠡ ᠲᠣᠰᠬᠤᠨ ᠤ ᠵᠢᠭᠤᠯᠴᠢᠯᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠵᠠᠰᠠᠯᠲᠠ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠵᠡᠷᠭᠡ ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠡᠷᠡᠰ ᠰᠠᠶᠢᠲᠤᠷ ᠬᠢᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠪᠠᠯᠭᠠᠰᠤᠨ ᠤ ᠡᠯ᠎ᠡ ᠵᠦᠢᠯ ᠤᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠨᠠᠮᠳᠠᠭᠤᠯᠬᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠵᠡᠷᠭᠡ ᠠᠵᠢᠯ ᠤᠨ ᠲᠤᠬᠠᠢ ᠲᠠᠬᠢᠨᠳᠠ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠡᠢ᠃
 
ᠢᠷᠡᠯᠲᠡ᠄ ᠬᠤᠯᠪᠣᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号