ᠰᠢᠨᠯᠢᠨ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/24
     ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠬᠤᠶᠢᠨ᠎ᠠ ᠬᠤᠶᠢᠨ᠎ᠠ ᠠᠴᠠ ᠪᠠᠨ ᠨᠤᠲᠤᠭ ᠲᠠᠭᠠᠨ ᠪᠤᠴᠠᠵᠤ᠂ ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠥᠷᠭᠡᠨ ᠣᠯᠠᠨ ᠡᠮᠡᠭᠲᠡᠶᠢᠴᠦᠳ ᠤᠨ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 1 ᠰᠠᠷ᠎ᠠ ᠶᠢᠨ 21 ᠤ ᠡᠳᠦᠷ᠂  ᠵᠠᠯᠠᠶᠢᠳ ᠬᠤᠰᠢᠭᠤᠨ ᠤ ᠰᠢᠨᠯᠢᠨ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠨᠡᠶᠢᠭᠡᠮ ᠤᠨ ᠵᠠᠰᠠᠯᠲᠠ ᠶᠢᠨ ᠠᠯᠪᠠᠨ ᠬᠡᠷ ᠲᠠᠢ ᠬᠠᠮᠲᠤᠷᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠠᠢ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠰᠠᠶᠢᠨ ᠳᠤᠷᠠᠴᠤᠳ ᠣᠯᠠᠨ ᠲᠦᠮᠡᠨ ᠳᠤ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ᠂ ᠭᠠᠵᠢᠭᠤ ᠨᠣᠮᠯᠠᠯ ᠢ ᠡᠰᠡᠷᠭᠦᠴᠡᠬᠦ᠂ ᠮᠡᠬᠡᠯᠡᠯ ᠢ ᠰᠡᠷᠭᠡᠶᠢᠯᠡᠬᠦ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠬᠥᠳᠡᠭᠡ ᠲᠣᠰᠬᠤᠨ ᠤ ᠡᠮᠡᠭᠲᠡᠶᠢᠴᠦᠳ ᠤᠨ ᠤᠷᠤᠭ ᠤᠨ ᠵᠢᠭᠤᠷᠠᠯᠳᠤᠭᠠᠨ᠂ ᠬᠥᠷᠥᠩᠭᠡ ᠬᠤᠪᠢᠶᠠᠬᠤ᠂ ᠬᠡᠷ ᠪᠦᠯᠢ ᠶᠢᠨ ᠬᠦᠴᠦᠷᠬᠡᠭᠯᠡᠯ᠂ ᠡᠷᠬᠡ ᠠᠰᠢᠭ ᠢ ᠬᠠᠮᠠᠭᠠᠯᠠᠬᠤ ᠵᠡᠷᠭᠡ ᠪᠠᠶᠢᠩᠭᠤ ᠲᠣᠬᠢᠶᠠᠯᠳᠤᠳᠠᠭ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠤᠷ ᠲᠤ ᠬᠠᠤᠯᠢ ᠴᠠᠭᠠᠵᠠ ᠶᠢᠨ ᠵᠥᠪᠯᠡᠯᠭᠡ ᠬᠠᠩᠭᠠᠵᠤ᠂ ᠤᠯᠠᠨ ᠲᠦᠮᠡᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠤᠨ ᠲᠠᠶᠢᠯᠪᠤᠷᠢᠯᠠᠨ ᠦᠭᠴᠤ᠂ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠤᠨ ᠳᠤᠮᠳᠠ ᠲᠤᠬᠢᠶᠠᠯᠳᠤᠭᠰᠠᠨ ᠬᠠᠤᠯᠢ ᠴᠠᠭᠠᠵᠠ ᠶᠢᠨ ᠠᠰᠠᠭᠤᠳᠠᠯ ᠳᠤ ᠴᠢᠭᠯᠡᠭᠦᠯᠦᠨ᠂ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠲᠠ ᠥᠭᠴᠦ᠂ ᠣᠯᠠᠨ ᠲᠦᠮᠡᠨ ᠤ ᠬᠠᠤᠯᠢ ᠶᠣᠰᠣᠭᠠᠷ ᠠᠵᠢᠯ ᠶᠠᠪᠤᠳᠠᠯ ᠰᠢᠢᠳᠪᠦᠷᠢᠯᠡᠬᠦ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠡᠶᠡᠳᠡᠬᠦᠯᠬᠦ ᠳᠤ ᠬᠠᠤᠯᠢ ᠶᠢ ᠲᠦᠰᠢᠭᠯᠡᠬᠦ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠪᠠ᠃
 
ᠢᠷᠡᠯᠲᠡ᠄ ᠰᠢᠨᠯᠢᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号