ᠲᠡᠮᠡᠭᠡᠴᠢ ᠪᠠᠯᠭᠠᠰᠤᠨ ᠤ ᠡᠮᠡᠭᠲᠡᠶᠢᠴᠦᠳ ᠤᠨ ᠬᠤᠯᠪᠤᠭ᠎ᠠ ᠴᠠᠭᠠᠨ ᠰᠠᠷ᠎ᠠ ᠠᠴᠠ ᠡᠮᠤᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/24
    ᠴᠠᠭᠠᠨ ᠰᠠᠷ᠎ᠠ ᠤᠶᠢᠷᠠᠳᠤᠬᠤᠯᠠᠷ᠂ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤᠨ ᠤ ᠡᠮᠡᠭᠲᠡᠶᠢᠴᠦᠳ ᠤᠨ ᠬᠤᠯᠪᠤᠭ᠎ᠠ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ᠂ ᠡᠮᠡᠭᠲᠡᠶᠢᠴᠦᠳ ᠤᠨ ᠬᠤᠯᠪᠤᠭ᠎ᠠ ᠶᠢᠨ ︽ᠲᠥᠷᠬᠦᠮ ᠤᠨ ᠬᠥᠮᠦᠰ︾ ᠤᠨ ᠬᠠᠶᠢᠷ᠎ᠠ ᠬᠠᠯᠠᠮᠵᠢ ᠶᠢ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠤᠨ ᠬᠡᠷ ᠪᠦᠯᠢ ᠳᠤ ᠬᠦᠷᠭᠡᠪᠡ᠃    ᠲᠣᠬᠤᠨᠢᠭᠤᠯᠬᠤ ᠳᠤᠭᠤᠶᠢᠯᠠᠩ ᠤᠨ ᠬᠢᠨ ᠡᠷᠦᠭᠡ ᠪᠠᠷ ᠬᠦᠷᠴᠦ ᠰᠤᠷᠪᠤᠯᠵᠢᠯᠠᠬᠤ ᠬᠡᠯᠪᠡᠷᠢ ᠪᠠᠷ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠦᠴᠢᠷᠳᠡᠯᠲᠡᠢ ᠡᠮᠡᠭᠲᠡᠶᠢᠴᠦᠳ ᠬᠡᠦᠬᠡᠳ ᠤᠨ ᠭᠡᠷ ᠪᠦᠯᠢ ᠳᠤ ᠴᠢᠩ ᠰᠡᠳᠬᠢᠯ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠵᠦ᠂ ᠲᠡᠳᠡᠨ ᠢ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠵᠢᠴᠢ ᠨᠡᠶᠢᠭᠡᠮ ᠤᠨ ᠬᠠᠯᠠᠭᠤᠨ ᠰᠡᠳᠬᠢᠯᠲᠦ ᠬᠥᠮᠦᠰ ᠤᠨ ᠬᠠᠪᠰᠤᠷᠤᠯᠭ᠎ᠠ ᠳᠣᠣᠷ᠎ᠠ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ ᠲᠠᠢ ᠪᠠᠶᠢᠵᠤ᠂ ᠬᠦᠴᠢᠷ ᠪᠡᠷᠬᠡᠰᠢᠶᠡᠯ ᠳᠤ ᠢᠳᠡᠪᠬᠢᠲᠡᠢ ᠬᠠᠨᠳᠤᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠶᠢ ᠵᠣᠷᠢᠭᠵᠢᠭᠤᠯᠪᠠ᠃ ᠳᠠᠷᠠᠭ᠎ᠠ ᠨᠢ᠂ ᠲᠣᠬᠤᠨᠢᠭᠤᠯᠬᠤ ᠳᠤᠭᠤᠶᠢᠯᠠᠩ ᠤᠨ ᠬᠢᠨ ᠶᠠᠳᠠᠭᠤ ᠬᠦᠴᠢᠷᠳᠡᠯᠲᠡᠢ ᠡᠮᠡᠭᠲᠡᠶᠢᠴᠦᠳ ᠬᠡᠦᠬᠡᠳ ᠤᠨ ᠭᠡᠷ ᠪᠦᠯᠢ ᠳᠤ ᠲᠣᠬᠤᠨᠢᠭᠤᠯᠬᠤ ᠮᠥᠩᠭᠦ ᠬᠦᠷᠭᠡᠵᠦ᠂ ᠲᠡᠳᠡᠨᠡᠷ ᠤᠨ ᠵᠣᠯ ᠵᠢᠷᠭᠠᠯ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠬᠦᠰᠡᠨ ᠵᠥᠩᠨᠡᠪᠡ᠃    ᠲᠡᠮᠡᠭᠡᠴᠢ ᠪᠠᠯᠭᠠᠰᠤᠨ ᠤ ᠡᠮᠡᠭᠲᠡᠶᠢᠴᠦᠳ ᠤᠨ ᠬᠤᠯᠪᠤᠭ᠎ᠠ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠬᠡᠦᠬᠡᠳ ᠵᠡᠷᠭᠡ ᠪᠠᠭᠤᠷᠠᠶᠢᠴᠤᠤᠯ ᠢ ᠦᠷᠭᠦᠯᠵᠢᠯᠡᠨ ᠠᠩᠬᠠᠷᠴᠤ᠂ ᠡᠮᠡᠭᠲᠡᠶᠢᠴᠦᠳ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠨᠡᠶᠢᠭᠡᠮ ᠤᠨ ᠬᠦᠴᠦᠨ ᠢ ᠨᠢᠭᠲᠠᠷᠠᠭᠤᠯᠵᠤ ᠂ ᠡᠮᠡᠭᠲᠡᠶᠢᠴᠦᠳ ᠤᠯᠠᠨ ᠲᠦᠮᠡᠨ ᠳᠤ ᠨᠡᠩ ᠪᠦᠬᠦ ᠲᠠᠯ᠎ᠠ ᠶᠢᠨ᠂ ᠨᠡᠩ ᠳᠣᠲᠣᠨᠣ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠡᠮᠡᠭᠲᠡᠶᠢᠴᠦᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠳᠡᠭᠡᠭᠰᠢᠯᠡᠭᠦᠯᠵᠦ᠂ ᠪᠦᠬᠦ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠲᠡᠮᠡᠭᠡᠴᠢ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号