ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠶᠧ ᠭᠤᠸᠠᠩ ᠹᠦ᠋ ᠳᠤ ︽ᠰᠠᠨᠰᠠᠷ ᠤᠨ ᠠᠶᠠᠯᠠᠯ ᠤᠨ ᠬᠤᠶᠠᠳᠤᠭᠠᠷ ᠳᠡᠰ ᠤᠨ ᠭᠠᠪᠢᠶᠠᠨ ᠲᠡᠮᠳᠡᠭ︾ ᠣᠯᠭᠤᠵᠤ ᠯᠢ ᠼᠦᠩ ᠯᠢ ᠭᠤᠸᠠᠩ ᠰᠦ᠋ ᠳᠤ ︽ᠪᠠᠭᠠᠲᠤᠷ ᠰᠠᠨᠰᠠᠷᠴᠢᠨ︾ ᠤ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ︽ᠰᠠᠨᠰᠠᠷ ᠤᠨ ᠠᠶᠠᠯᠠᠯ ᠤᠨ ᠭᠤᠷᠪᠠᠳᠤᠭᠠᠷ ᠳᠡᠰ ᠤᠨ ᠭᠠᠪᠢᠶᠠᠨ ᠲᠡᠮᠳᠡᠭ︾ ᠣᠯᠭᠤᠬᠤ ᠲᠤᠬᠠᠢ ᠲᠣᠭᠲᠠᠭᠠᠯ
ᠨᠡᠶᠢᠲᠡᠯᠡᠭᠰᠡᠨ ᠴᠠᠭ᠄
2025/1/24
       ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ       ᠶᠧ ᠭᠤᠸᠠᠩ ᠹᠦ᠋ ᠳᠤ ︽ᠰᠠᠨᠰᠠᠷ ᠤᠨ ᠠᠶᠠᠯᠠᠯ ᠤᠨ ᠬᠤᠶᠠᠳᠤᠭᠠᠷ ᠳᠡᠰ ᠤᠨ ᠭᠠᠪᠢᠶᠠᠨ ᠲᠡᠮᠳᠡᠭ︾ ᠣᠯᠭᠤᠵᠤ ᠯᠢ ᠼᠦᠩ ᠯᠢ ᠭᠤᠸᠠᠩ ᠰᠦ᠋ ᠳᠤ ︽ᠪᠠᠭᠠᠲᠤᠷ ᠰᠠᠨᠰᠠᠷᠴᠢᠨ︾ ᠤ ᠢᠷᠠᠭᠤ ᠠᠯᠳᠠᠷ ᠤᠨ  ᠴᠣᠯᠠ ᠣᠯᠭᠤᠬᠤ ᠶᠢᠨ ᠬᠠᠮᠲᠤ ︽ᠰᠠᠨᠰᠠᠷ ᠤᠨ ᠠᠶᠠᠯᠠᠯ ᠤᠨ  ᠭᠤᠷᠪᠠᠳᠤᠭᠠᠷ  ᠳᠡᠰ  ᠤᠨ  ᠭᠠᠪᠢᠶᠠᠨ ᠲᠡᠮᠳᠡᠭ︾                           ᠣᠯᠭᠤᠬᠤ ᠲᠤᠬᠠᠢ ᠲᠣᠭᠲᠠᠭᠠᠯ                    ︵2025 ᠣᠨ ᠤ 1 ᠰᠠᠷ᠎ᠠ ᠶᠢᠨ 23 ᠤ ᠡᠳᠦᠷ︶    ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 23 ᠤ ᠴᠠᠭᠢᠯᠭᠠᠨ ᠮᠡᠳᠡᠭᠡ   2024 ᠣᠨ ᠤ 4 ᠰᠠᠷ᠎ᠠ ᠶᠢᠨ 25 ᠤ ᠡᠳᠦᠷ᠂ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢ ᠠᠮᠵᠢᠯᠲᠠᠲᠠᠢ ᠬᠠᠷᠪᠤᠵᠤ᠂ ᠰᠠᠨᠰᠠᠷᠴᠢᠨ ᠶᠧ ᠭᠤᠸᠠᠩ ᠹᠦ᠋᠂ ᠯᠢ ᠼᠦᠩ᠂ ᠯᠢ ᠭᠤᠸᠠᠩ ᠰᠦ᠋ ᠨᠢᠰᠬᠦ ᠣᠩᠭᠤᠴᠠᠨ ᠳᠤ ᠰᠠᠭᠤᠵᠤ ᠲᠢᠶᠠᠨ ᠾᠧ ᠭᠤᠣᠯ ᠦᠷᠦᠭᠡ ᠳᠤ ᠠᠮᠵᠢᠯᠲᠠᠲᠠᠢ ᠣᠷᠣᠵᠤ᠂ ᠲᠣᠭᠤᠷᠢᠯᠲᠠ ᠶᠢᠨ ᠵᠠᠮ ᠳᠤ 6 ᠰᠠᠷ᠎ᠠ ᠠᠶᠠᠯᠠᠵᠤ᠂ ᠤᠷᠢᠳ ᠬᠤᠵᠢᠳ 2 ᠤᠳᠠᠭ᠎ᠠ ᠦᠷᠦᠭᠡ ᠠᠴᠠ ᠭᠠᠷᠬᠤ ᠠᠵᠢᠯᠯᠠᠭ᠎ᠠ ᠥᠷᠨᠢᠭᠦᠯᠵᠦ᠂ 6 ᠤᠳᠠᠭ᠎ᠠ ᠠᠴᠢᠶᠠᠨ ᠤ ᠪᠠᠷᠠᠭᠠᠨ ᠤ ᠬᠡᠢ ᠶᠢᠨ ᠦᠷᠦᠭᠡ ᠠᠴᠠ ᠭᠠᠷᠴᠤ ᠣᠷᠣᠬᠤ ᠡᠭᠦᠷᠭᠡ ᠶᠢ ᠪᠡᠶᠡᠯᠡᠭᠦᠯᠵᠦ᠂ 80 ᠭᠠᠷᠤᠢ ᠵᠦᠢᠯ ᠤᠨ ᠰᠠᠨᠰᠠᠷ ᠤᠨ ᠦᠷᠳᠡᠭᠡ ᠶᠢᠨ ᠪᠦᠲᠦᠭᠡᠨ ᠪᠠᠶᠢᠭᠤᠯᠤᠯᠲᠠ ᠶᠢ ᠳᠡᠰ ᠳᠡᠪᠰᠢᠭᠦᠯᠵᠦ ᠰᠡᠯᠪᠢᠨ ᠵᠠᠰᠠᠬᠤ ᠡᠭᠦᠷᠭᠡ ᠶᠢ ᠪᠡᠶᠡᠯᠡᠭᠦᠯᠵᠦ᠂ ᠵᠠᠭᠤ ᠰᠢᠬᠠᠮ ᠵᠦᠢᠯ ᠤᠨ ᠰᠠᠨᠰᠠᠷ ᠤᠨ ᠰᠢᠨᠵᠢᠯᠡᠬᠦ ᠤᠬᠠᠭᠠᠨ ᠤ ᠲᠤᠷᠰᠢᠯᠲᠠ ᠪᠣᠯᠣᠨ ᠬᠡᠷᠡᠭᠯᠡᠭᠡᠨ ᠤ ᠠᠴᠢᠶᠠᠨ ᠤ ᠲᠣᠭᠤᠷᠢᠯᠲᠠ ᠶᠢᠨ ᠵᠠᠮ ᠳᠤ ᠲᠤᠷᠰᠢᠯᠲᠠ ᠬᠢᠵᠦ᠂ 2024 ᠣᠨ ᠤ 11 ᠰᠠᠷ᠎ᠠ ᠶᠢᠨ 4 ᠤ ᠡᠳᠦᠷ ᠠᠮᠤᠷ ᠲᠦᠪᠰᠢᠨ ᠢᠶᠠᠷ ᠪᠤᠴᠠᠵᠤ ᠢᠷᠡᠪᠡ᠃ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠪᠣᠯ ᠮᠠᠨ ᠤ ᠤᠯᠤᠰ ᠤᠨ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ ᠰᠠᠨᠰᠠᠷ ᠤᠨ ᠥᠷᠲᠡᠭᠡ ᠶᠢᠨ ᠬᠡᠷᠡᠭᠯᠡᠯᠲᠡ ᠪᠠ ᠬᠥᠭᠵᠢᠯᠲᠡ ᠶᠢᠨ ᠱᠠᠲᠤᠨ ᠳᠤ ᠣᠷᠣᠭᠰᠠᠨ ᠤ ᠳᠠᠷᠠᠭᠠᠬᠢ ᠭᠤᠷᠪᠠᠳᠤᠭᠠᠷ ᠤᠳᠠᠭ᠎ᠠ ᠶᠢᠨ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠪᠠᠶᠢᠵᠤ᠂ ᠳᠤᠮᠳᠠᠳᠤ ᠤᠯᠤᠰ ᠤᠨ ᠰᠠᠨᠰᠠᠷᠴᠢᠨ ᠤ ᠭᠠᠭᠴᠠ ᠤᠳᠠᠭ᠎ᠠ ᠶᠢᠨ ᠡᠭᠦᠷᠭᠡ ᠳᠤ ᠲᠣᠭᠤᠷᠢᠯᠲᠠ ᠶᠢᠨ ᠵᠠᠮ ᠢᠶᠠᠷ ᠦᠷᠭᠦᠯᠵᠢᠯᠡᠨ ᠨᠢᠰᠦᠭᠰᠡᠨ ᠴᠠᠭ ᠤᠨ ᠣᠷᠳᠣ᠂ ᠭᠠᠭᠴᠠ ᠤᠳᠠᠭ᠎ᠠ ᠥᠷᠥᠭᠡ ᠠᠴᠠ ᠭᠠᠷᠴᠤ ᠬᠥᠳᠡᠯᠭᠡᠭᠡᠨ ᠬᠢᠭᠰᠡᠨ ᠴᠠᠭ ᠤᠨ ᠲᠡᠮᠳᠡᠭᠯᠡᠯ ᠢ ᠰᠢᠨᠡᠳᠬᠡᠵᠦ᠂ ᠮᠠᠨ ᠤ ᠤᠯᠤᠰ ᠤᠨ ᠲᠣᠭᠤᠷᠢᠯᠲᠠ ᠶᠢᠨ ᠵᠠᠮ ᠳᠠᠬᠢ ᠤᠰᠤᠨ ᠤ ᠠᠮᠢ ᠠᠬᠤᠢ ᠶᠢᠨ ᠰᠤᠳᠤᠯᠤᠯ ᠤᠨ ᠲᠥᠷᠥᠯ ᠵᠦᠢᠯ ᠢ ᠠᠩᠬ᠎ᠠ ᠤᠳᠠᠭ᠎ᠠ ᠲᠡᠭᠦᠰ ᠠᠮᠵᠢᠯᠲᠠ ᠲᠠᠢ ᠪᠡᠶᠡᠯᠡᠭᠦᠯᠵᠦ᠂ ᠳᠡᠯᠡᠬᠡᠢ ᠶᠢᠨ ᠠᠩᠬᠠᠳᠠᠭᠴᠢ ᠤᠳᠠᠭ᠎ᠠ ᠶᠢᠨ ᠤᠷᠭᠤᠮᠠᠯ ᠤᠨ ᠡᠰᠢ ᠶᠢᠨ ᠦᠵᠦᠭᠦᠷ ᠤᠨ ᠭᠤᠣᠯ ᠡᠰ ᠤᠨ ᠴᠢᠳᠠᠮᠵᠢ ᠶᠢᠨ ᠲᠣᠭᠤᠷᠢᠯᠲᠠ ᠶᠢᠨ ᠵᠠᠮ ᠳᠠᠬᠢ ᠰᠤᠳᠤᠯᠭᠠᠨ ᠢ ᠬᠡᠷᠡᠭᠵᠢᠭᠦᠯᠵᠦ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠰᠢᠨ᠎ᠡ ᠠᠯᠬᠤᠮ ᠢ ᠠᠯᠬᠤᠭᠰᠠᠨ ᠢ ᠬᠠᠷᠠᠭᠤᠯᠵᠤ᠂ ᠮᠠᠨ ᠤ ᠤᠯᠤᠰ ᠤᠨ ᠶᠡᠷᠦᠩᠬᠡᠶᠢᠯᠡᠭᠰᠡᠨ ᠤᠯᠤᠰ ᠤᠨ ᠬᠦᠴᠦᠨ ᠪᠠ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠳᠬᠠᠬᠤ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠦᠨᠳᠦᠰᠦᠲᠡᠨ ᠤ ᠢᠲᠡᠭᠡᠯ ᠵᠣᠷᠢᠭ ᠪᠠ ᠣᠮᠣᠭᠰᠢᠯᠲᠤ ᠰᠡᠳᠬᠢᠯᠭᠡ ᠶᠢ ᠤᠯᠠᠮ ᠨᠡᠮᠡᠭᠳᠡᠭᠦᠯᠵᠦ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ᠂ ᠡᠷᠡᠮᠡᠬᠡᠶᠢᠯᠡᠨ ᠤᠷᠤᠭᠰᠢᠯᠠᠬᠤ ᠶᠢ ᠵᠣᠷᠢᠭᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ᠂ ᠰᠠᠨᠰᠠᠷᠴᠢᠨ᠂ ᠺᠠᠳ᠋ᠷ ᠠᠵᠢᠯᠲᠠᠨ᠂ ᠴᠢᠯᠦᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ ᠶᠢᠨ ᠤᠶᠤᠨ ᠤᠬᠠᠭᠠᠨ ᠪᠠ ᠬᠦᠴᠦ ᠬᠥᠯᠥᠰᠦ ᠰᠢᠩᠭᠡᠵᠦ ᠪᠠᠶᠢᠨ᠎ᠠ᠃ ᠶᠧ ᠭᠤᠸᠠᠩ ᠹᠦ᠋᠂ ᠯᠢ ᠼᠦᠩ᠂ ᠯᠢ ᠭᠤᠸᠠᠩ ᠰᠦ᠋ ᠨᠥᠬᠦᠷ ᠪᠣᠯ ᠲᠡᠳᠡᠨ ᠤ ᠳᠣᠲᠣᠷᠠᠬᠢ ᠭᠠᠷᠮᠠᠭᠠᠢ ᠲᠥᠯᠥᠭᠡᠯᠡᠭᠴᠢ ᠪᠣᠯᠣᠨ᠎ᠠ᠂ ᠲᠡᠳᠡ ᠰᠡᠳᠬᠢᠯ ᠰᠢᠭᠤᠳᠤᠨ ᠨᠠᠮ ᠳᠠᠭᠠᠨ ᠵᠢᠳᠬᠦᠵᠦ᠂ ᠡᠬᠡ ᠤᠯᠤᠰ ᠤᠨ ᠢᠶᠠᠨ ᠲᠥᠯᠥᠭᠡ ᠵᠢᠳᠬᠦᠵᠦ᠂ ᠡᠷᠡᠮᠡᠬᠡᠶᠢᠯᠡᠨ ᠤᠷᠤᠭᠰᠢᠯᠠᠵᠤ᠂ ᠪᠦᠯᠬᠦᠮᠳᠡᠨ ᠬᠠᠮᠵᠢᠯᠴᠠᠵᠤ᠂ ᠳᠡᠯᠡᠬᠡᠢ ᠳ᠋ᠠᠬᠢᠨ ᠳᠤ ᠬᠦᠴᠦᠷᠬᠡᠭ ᠶᠡᠭᠡ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠬᠦᠴᠦᠨ ᠴᠢᠳᠠᠯ ᠢ ᠬᠠᠷᠠᠭᠤᠯᠪᠠ᠃ ᠶᠧ ᠭᠤᠸᠠᠩ ᠹᠦ᠋ ᠨᠥᠬᠦᠷ ᠬᠤᠶᠠᠷ ᠵᠢᠯ ᠤᠨ ᠳᠠᠷᠠᠭ᠎ᠠ ᠳᠠᠭᠢᠨ ᠰᠠᠨᠰᠠᠷ ᠲᠤ ᠭᠠᠷᠤᠭᠰᠠᠨ ᠪᠥᠭᠡᠳ ᠵᠢᠭᠠᠪᠤᠷᠢ ᠥᠭᠬᠦ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠮᠠᠨ ᠤ ᠤᠯᠤᠰ ᠤᠨ ᠠᠩᠬᠠᠳᠠᠭᠴᠢ ᠨᠡᠶᠢᠲᠡ ᠨᠢᠰᠦᠯᠲᠡ ᠶᠢᠨ ᠴᠠᠭ ᠨᠢᠭᠡ ᠵᠢᠯ ᠢ ᠳᠠᠪᠠᠭᠰᠠᠨ ᠰᠠᠨᠰᠠᠷᠴᠢᠨ ᠪᠣᠯᠪᠠ᠃ ᠯᠢ ᠼᠦᠩ ᠨᠥᠬᠦᠷ ᠯᠠᠪᠳᠠᠭᠤᠨ ᠪᠠᠲᠤᠲᠠᠢ ᠪᠣᠯᠪᠠᠰᠤᠷᠠᠵᠤ᠂ ᠰᠢᠷᠭᠠᠭᠤ ᠬᠠᠲᠠᠭᠤᠵᠢᠯᠲᠠᠢ ᠳᠠᠪᠲᠠᠨ ᠪᠣᠯᠪᠠᠰᠤᠷᠠᠵᠤ᠂ ᠢᠷᠠᠭᠤ ᠠᠯᠳᠠᠷᠲᠠᠢ ᠪᠠᠷ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠤᠨ ᠨᠢᠰᠦᠯᠲᠡ ᠶᠢᠨ ᠳᠤᠭᠤᠶᠢᠯᠠᠩ ᠳᠤ ᠰᠣᠩᠭᠤᠭᠳᠠᠨ ᠣᠷᠣᠵᠤ᠂ ᠡᠭᠦᠷᠭᠡᠯᠡᠭᠰᠡᠨ ᠡᠭᠦᠷᠭᠡ ᠪᠠᠨ ᠭᠠᠷᠮᠠᠭᠠᠢ ᠪᠡᠶᠡᠯᠡᠭᠦᠯᠪᠡ᠃ ᠯᠢ ᠭᠤᠸᠠᠩ ᠰᠦ᠋ ᠨᠥᠬᠦᠷ ᠯᠠᠪᠳᠠᠭᠤᠨ ᠲᠣᠭᠲᠠᠭᠤᠨ ᠪᠠᠶᠢᠵᠤ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠠᠩᠬ᠎ᠠ ᠤᠳᠠᠭ᠎ᠠ ᠥᠷᠥᠭᠡᠨ ᠠᠴᠠ ᠭᠠᠷᠤᠮᠠᠭᠴᠠ ᠪᠠᠨ ᠣᠭᠲᠠᠷᠭᠤᠢ ᠶᠢᠨ ᠥᠷᠲᠡᠭᠡᠨ ᠤ ᠣᠭᠲᠠᠷᠭᠤᠢ ᠶᠢᠨ ᠬᠡᠮᠬᠡᠳᠡᠭ ᠬᠡᠮᠬᠡᠷᠬᠡᠢ ᠶᠢ ᠰᠡᠷᠭᠡᠶᠢᠯᠡᠨ ᠬᠠᠮᠠᠭᠠᠯᠠᠬᠤ ᠲᠣᠨᠣᠭᠯᠠᠯ ᠤᠭᠰᠠᠷᠠᠬᠤ ᠡᠭᠦᠷᠭᠡ ᠶᠢ ᠠᠮᠵᠢᠯᠲᠠ ᠲᠠᠢ ᠪᠡᠶᠡᠯᠡᠭᠦᠯᠪᠡ᠃ ᠲᠡᠳᠡᠨ ᠤ ᠮᠠᠨ ᠤ ᠤᠯᠤᠰ ᠤᠨ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠦᠢᠯᠡᠰ ᠲᠤ ᠪᠠᠶᠢᠭᠤᠯᠤᠭᠰᠠᠨ ᠭᠠᠷᠮᠠᠭᠠᠢ ᠭᠠᠪᠢᠶ᠎ᠠ ᠵᠢᠳᠬᠦᠯ ᠢ ᠬᠥᠬᠢᠭᠦᠯᠦᠨ ᠰᠠᠶᠢᠰᠢᠶᠠᠬᠤ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠶᠧ ᠭᠤᠸᠠᠩ ᠹᠦ᠋ ᠨᠥᠬᠦᠷ ᠲᠤ ︽ᠬᠤᠶᠠᠳᠤᠭᠠᠷ ᠳᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠵᠤ᠂ ᠯᠢ ᠼᠦᠩ᠂ ᠯᠢ ᠭᠤᠸᠠᠩ ᠰᠦ᠋ ᠨᠥᠬᠦᠷ ᠲᠤ ︽ᠪᠠᠭᠠᠲᠤᠷ ᠰᠠᠨᠰᠠᠷᠴᠢᠨ︾ ᠤ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ︽ᠭᠤᠷᠪᠠᠳᠤᠭᠠᠷ ᠳᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠬᠤ ᠪᠠᠷ ᠲᠣᠭᠲᠠᠪᠠ᠃    ᠶᠧ ᠭᠤᠸᠠᠩ ᠹᠦ᠋᠂ ᠯᠢ ᠼᠦᠩ᠂ ᠯᠢ ᠭᠤᠸᠠᠩ ᠰᠦ᠋ ᠨᠥᠬᠦᠷ ᠪᠣᠯ ᠤᠭ ᠰᠠᠨᠠᠭ᠎ᠠ ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠡᠷᠬᠢᠮ ᠳᠡᠭᠡᠳᠦ ᠦᠢᠯᠡᠰ ᠲᠤ ᠠᠮᠢ ᠪᠡᠶ᠎ᠡ ᠪᠠᠨ ᠵᠣᠷᠢᠭᠤᠯᠬᠤ ᠴᠠᠭ ᠦᠶ᠎ᠡ ᠶᠢᠨ ᠬᠤᠰᠢᠭᠤᠴᠢ ᠪᠠᠶᠢᠵᠤ᠂ ᠣᠷᠴᠢᠯᠠᠩ ᠢ ᠬᠠᠶᠢᠨ ᠰᠦᠪᠡᠭᠴᠢᠯᠡᠬᠦ᠂ ᠰᠠᠨᠰᠠᠷ ᠣᠭᠲᠠᠷᠭᠤᠢ ᠳᠤ ᠬᠦᠰᠡᠯ ᠵᠡᠭᠦᠳᠦ ᠪᠠᠨ ᠲᠡᠷᠭᠡᠯᠰᠢᠭᠦᠯᠬᠦ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠵᠢᠱᠢᠶᠡᠴᠢ ᠮᠥᠨ᠃ ᠨᠠᠮ ᠤᠨ ᠲᠥᠪ ᠬᠤᠷᠢᠶ᠎ᠠ ᠠᠴᠠ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠠᠶᠢᠰᠢᠶᠠᠨ ᠬᠥᠬᠢᠭᠦᠯᠦᠭᠳᠡᠭᠰᠡᠨ ᠰᠠᠨᠰᠠᠷᠴᠢᠨ ᠢᠶᠠᠷ ᠳᠠᠭᠤᠷᠢᠶᠠᠯ ᠪᠤᠯᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ︽ᠬᠤᠶᠠᠷ ᠪᠥᠮᠪᠦᠭᠡ ᠨᠢᠭᠡ ᠤᠳᠤ︾ ᠶᠢᠨ ᠵᠣᠷᠢᠭ ᠰᠠᠨᠠᠭ᠎ᠠ ᠪᠠ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠦᠴᠦᠯᠡᠨ ᠴᠢᠷᠮᠠᠶᠢᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︕ ᠭᠡᠵᠦ ᠤᠷᠢᠶᠠᠯᠠᠪᠠ᠃   
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号