ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠤᠨ ᠠᠵᠢᠯ ᠢᠶᠠᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/1/26
           1 ᠰᠠᠷ᠎ᠠ ᠶᠢᠨ 22᠎ ᠤᠨ ᠡᠳᠦᠷ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠤᠭᠰᠠᠨ ᠪᠥᠭᠡᠳ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠤᠨ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ︽ᠲᠠᠪᠤᠨ ᠨᠢᠭᠡᠳᠦᠭᠡᠷ︾᠎ ᠤᠨ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠨ᠂ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠢᠳᠬᠦᠨ ᠴᠢᠷᠮᠠᠶᠢᠬᠤ ᠶᠢ ᠲᠡᠷᠢᠬᠦᠨ ᠳᠤ ᠲᠠᠯᠪᠢᠵᠤ᠂ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠡᠷᠳᠡᠭᠡᠨ ᠤᠷᠢᠳᠠᠪᠡᠷ ᠠᠳᠬᠤᠵᠤ᠂ ᠲᠦᠷᠭᠡᠨ ᠨᠠᠷᠢᠯᠢᠭ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠤᠷᠭᠠᠨ ᠬᠥᠮᠦᠵᠢᠯᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ ᠦᠢᠯᠡᠳᠦᠯᠭᠡᠵᠢᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠢ ᠭᠡᠵᠤ ᠴᠢᠬᠤᠯᠠᠴᠢᠯᠠᠵᠠᠢ᠃
 
ᠢᠷᠡᠯᠲᠡ᠄ ᠵᠠᠯᠠᠶᠢᠳ ᠤᠨ ᠰᠤᠷᠭᠠᠨ ᠬᠦᠮᠦᠵᠢᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号