ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠠᠪᠤᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/26
     1 ᠰᠠᠷ᠎ᠠ ᠶᠢᠨ 23᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠠᠪᠤᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠪᠠ᠃     ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠬᠤᠷᠠᠯ ᠲᠡᠭᠡᠷ᠎ᠡ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠤᠳᠤᠷᠢᠳᠤᠯᠭ᠎ᠠ ᠯᠢ ᠬᠤᠤ᠂ ᠬᠠᠰᠪᠦ᠋ᠬᠡ᠂ ᠴᠧᠩ ᠮᠢᠩ ᠯᠢ ᠨᠡᠷ ᠬᠤᠷᠠᠯ ᠳᠤ ᠣᠷᠣᠯᠴᠠᠵᠤ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠠᠩ ᠸᠧᠶ ᠬᠤᠷᠠᠯ ᠡᠷᠭᠢᠯᠡᠪᠡ᠃     ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠠᠵᠢᠯ ᠤᠨ ᠮᠡᠳᠡᠭᠦᠯᠦᠯᠲᠡ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠰᠢᠢᠳᠪᠦᠷᠢ︾᠎ ᠶᠢ ᠬᠢᠨᠠᠨ ᠵᠥᠪᠯᠡᠵᠦ ᠪᠠᠲᠤᠯᠠᠨ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯᠤᠨ ᠬᠢᠩᠭᠠᠨ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ︵ᠥᠷᠭᠡᠳᠬᠡᠭᠰᠡᠨ︶᠎ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠳᠤᠪᠡᠷ ᠦᠵᠡᠪᠡ᠃     ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠰᠠᠶᠢᠳᠤᠷ ᠰᠤᠷᠤᠯᠴᠠᠨ ᠣᠶᠢᠯᠠᠭᠠᠵᠤ᠂ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠢᠳᠠᠯ ᠢ ᠲᠣᠳᠣᠷᠬᠠᠶ ᠲᠠᠨᠢᠵᠤ᠂  ᠤᠯᠤᠰ ᠲᠦᠷᠤ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠪᠤᠳᠤᠯ ᠢᠶᠠᠨ ᠴᠢᠩᠭᠠᠳᠬᠠᠬᠤ ᠬᠡᠷᠡᠭᠲᠡᠶ᠃ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠵᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠷᠮᠠᠰᠢᠭᠤᠯᠤᠨ ᠵᠣᠷᠢᠭᠵᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠵᠠᠯᠠᠶᠢᠳ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃     ᠸᠠᠩ ᠸᠧᠶ ᠵᠠᠯᠠᠶᠢᠳ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠭᠦᠨᠵᠡᠭᠡᠶ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠡ ᠶᠢᠨ ᠵᠠᠯᠠᠶᠢᠳ ᠤᠨ ᠬᠠᠭᠤᠳᠠᠰᠤ ᠶᠢ ᠪᠢᠴᠢᠭᠯᠡᠶ᠎ᠡ︾ ᠭᠡᠬᠦ ᠠᠵᠢᠯ ᠤᠨ ᠮᠡᠳᠡᠭᠦᠯᠦᠯᠲᠡ ᠬᠢᠵᠦ᠂ 2024 ᠣᠨ ᠤ ᠠᠵᠢᠯ ᠢᠶᠠᠨ ᠳ᠋ᠦᠩᠨᠡᠵᠦ᠂ 2025 ᠣᠨ ᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号