ᠪᠠᠶ᠋ᠬᠠᠤᠯᠠᠭᠠᠨ ᠰᠤᠮᠤ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ ᠮᠠᠯᠴᠢᠨ ᠲᠠᠷᠢᠶᠠᠴᠢᠨ ᠤ ᠪᠠᠶᠠᠵᠢᠯ ᠢ ᠲᠠᠶᠢᠴᠢᠯᠠᠵᠤ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2025/1/3
     2024 ᠤᠨ ᠤ 12 ᠰᠠᠷ᠎ᠠ ᠶᠢᠨ 28 ᠤ ᠡᠳᠦᠷ᠂ ᠵᠠᠯᠠᠶᠢᠳ ᠬᠤᠰᠢᠭᠤᠨ ᠤ ᠪᠠᠶ᠋ᠬᠠᠤᠯᠠᠭᠠᠨ ᠰᠤᠮᠤ ᠶᠢᠨ ᠨᠤᠲᠤᠭ ᠤᠨ ᠴᠢᠳᠠᠪᠤᠷᠢᠲᠠᠨ ᠤ ︽ᠰᠢᠭᠤᠳ ᠨᠡᠪᠲᠡᠷᠡᠭᠦᠯᠭᠡ ᠪᠠᠷ ᠪᠠᠶᠠᠵᠢᠯ ᠢ ᠲᠠᠶᠢᠴᠢᠯᠠᠬᠤ︾ ᠠᠵᠢᠯᠯᠠᠭ᠎ᠠ ᠠᠩᠬ᠎ᠠ ᠤᠳᠠᠭ᠎ᠠ ᠶᠠᠪᠤᠭᠳᠠᠪᠠ᠃ ᠨᠤᠲᠤᠭ ᠤᠨ ᠴᠢᠳᠠᠪᠤᠷᠢᠲᠠᠨ ︽ᠭᠡᠷ ᠤᠨ ᠡᠭᠦᠳᠡᠨ︾ ᠠᠴᠠ ᠪᠠᠨ ᠲᠣᠭᠠᠴᠢᠯᠠᠭᠰᠠᠨ ︽ᠲᠤᠷᠤᠨ᠎ᠠ ᠶᠢᠨ ᠰᠠᠯᠬᠢ︾ ᠳᠤ ᠰᠠᠭᠤᠵᠤ᠂ ᠲᠣᠭᠠᠴᠢᠯᠠᠭᠰᠠᠨ ᠠᠵᠤ ᠠᠬᠤᠢ ᠶᠢᠨ ᠳᠣᠣᠷᠠᠬᠢ ︽ᠰᠢᠨ᠎ᠡ ᠬᠥᠳᠡᠯᠮᠦᠷᠢᠴᠢᠳ︾  ᠤ ᠬᠦᠴᠦᠨ ᠢ ᠪᠠᠳᠠᠷᠠᠭᠤᠯᠵᠤ᠂ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠰᠣᠷᠭᠤᠭ ᠬᠦᠴᠦᠨ ᠨᠡᠮᠡᠷᠢᠯᠡᠪᠡ᠃
11(1).jpg
     ᠠᠩᠬ᠎ᠠ ᠨᠡᠪᠲᠡᠷᠡᠭᠦᠯᠭᠡ ᠶᠢ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠶᠢᠨ ᠰᠢᠭᠤᠳ ᠨᠡᠪᠲᠡᠷᠡᠭᠦᠯᠭᠡ ᠶᠢᠨ ᠪᠦᠯᠬᠦᠮ ᠪᠤᠯᠤᠨ ᠲᠤᠬᠠᠶ ᠶᠢᠨ ᠭᠠᠵᠠᠷ ᠤᠨ ᠰᠦᠯᠵᠢᠶᠡᠨ ᠤ ᠭᠤᠤᠯ ᠨᠡᠪᠳᠡᠷᠡᠬᠦᠯᠦᠭᠴᠢ ᠬᠠᠮᠳᠤ ᠪᠠᠷ ᠪᠡᠶᠡᠯᠡᠬᠦᠯᠵᠤ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ ᠨᠠᠶᠢᠷᠠᠭᠤᠯᠤᠨ ᠵᠣᠬᠢᠶᠠᠭᠰᠠᠨ ᠳᠠᠭᠤᠤ ᠂ ᠪᠥᠵᠢᠭ᠂ ᠮᠣᠷᠢᠨ ᠬᠤᠭᠤᠷ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠳᠡᠯᠭᠡᠨ ᠦᠵᠡᠭᠦᠯᠵᠦ᠂ ᠵᠠᠯᠠᠶᠢᠳ ᠬᠤᠰᠢᠭᠤᠨ ᠤ ᠲᠠᠷᠢᠶᠠᠯᠠᠩ ᠤᠨ ᠣᠨᠴᠠ ᠰᠢᠯᠢᠳᠡᠭ ᠪᠦᠲᠦᠭᠡᠭᠳᠡᠬᠦᠨ ᠢ ᠭᠤᠤᠯᠳᠠᠯᠭ᠎ᠠ ᠲᠠᠢ ᠲᠠᠨᠢᠯᠴᠠᠭᠤᠯᠪᠠ᠃ ᠪᠠᠶ᠋ᠬᠠᠤᠯᠠᠭᠠᠨ ᠰᠤᠮᠤ ᠶᠢᠨ ᠦᠨᠳᠡᠭᠡᠨ ᠭᠠᠴᠠᠭᠠᠨ ᠤ ᠮᠠᠯᠴᠢᠨ ᠲᠠᠷᠢᠶᠠᠴᠢᠨ ᠤ ᠬᠦᠳᠤᠯᠦᠭᠴᠢ ᠵᠧᠩ ᠲᠢᠶᠧ ᠬᠤ᠋ ᠳᠤ ᠠᠪᠴᠤ ᠬᠡᠯᠡᠪᠡᠯ᠂ ᠬᠡᠷ ᠤᠨ ᠡᠭᠦᠳᠡᠨ ᠳᠠᠬᠢ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠪᠠᠶᠢᠭᠤᠯᠤᠭᠳᠠᠭᠰᠠᠨ ᠨᠢ ᠲᠡᠭᠦᠨ ᠤ ᠨᠤᠳᠤᠭ ᠤᠨ ᠤᠨᠴᠠ ᠭᠠᠷᠤᠯᠳᠠ ᠪᠠᠨ ᠰᠢᠭᠤᠳ ᠨᠡᠪᠳᠡᠷᠡᠬᠦᠯᠭᠡ ᠪᠠᠷ  ᠭᠠᠳᠠᠭᠰᠢ ᠪᠤᠷᠤᠯᠠᠭᠤᠯᠬᠤ ᠢᠲᠡᠭᠡᠯ ᠵᠣᠷᠢᠭ ᠢ ᠨᠢ ᠤᠯᠠᠮ ᠬᠦᠪᠴᠢᠯᠡᠭᠰᠡᠨ ᠪᠠᠶᠢᠨ᠎ᠠ᠃
666.png
    ᠵᠠᠯᠠᠶᠢᠳ ᠬᠤᠰᠢᠭᠤᠨ ᠤ ᠪᠠᠶ᠋ᠬᠠᠤᠯᠠᠭᠠᠨ ᠰᠤᠮᠤ ᠶᠢᠨ ᠨᠤᠲᠤᠭ ᠤᠨ ᠴᠢᠳᠠᠪᠤᠷᠢᠲᠠᠨ ᠤ ︽ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠤᠷᠤᠯᠠᠭᠤᠯᠬᠤ︾ ᠰᠠᠭᠤᠷᠢᠨ ᠭᠠᠵᠠᠷ ᠨᠢ ᠦᠨᠳᠡᠭᠡᠨ ᠭᠠᠴᠠᠭ᠎ᠠ ᠳᠤ ᠪᠤᠢ᠃ ᠲᠤᠰ ᠲᠥᠷᠥᠯ ᠵᠦᠢᠯ ᠪᠣᠯ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠠᠵᠤ ᠦᠢᠯᠡᠰ ᠤᠨ ᠬᠠᠪᠰᠤᠷᠤᠨ ᠲᠡᠳᠬᠦᠬᠦ ᠲᠥᠷᠥᠯ ᠵᠦᠢᠯ ᠤᠨ ᠨᠢᠭᠡ ᠪᠣᠯᠤᠨ᠎ᠠ᠃ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠦᠢᠯᠡᠳᠦᠯ ᠢ ᠨᠡᠩ ᠰᠠᠶᠢᠨ ᠪᠠᠳᠠᠷᠠᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠠᠴᠠ ᠬᠤᠶᠠᠷ ᠲᠦᠮᠡᠨ ᠲᠥᠭᠦᠷᠢᠭ ᠪᠠ ᠬᠡᠰᠡᠭ ᠭᠡᠷᠡᠯ ᠵᠢᠷᠤᠭ ᠤᠨ ᠪᠠᠭᠠᠵᠢ ᠬᠡᠷᠡᠭᠰᠡᠯ ᠢ ᠰᠢᠭᠤᠳ ᠨᠡᠪᠲᠡᠷᠡᠭᠦᠯᠬᠦ ᠲᠠᠰᠤᠭ ᠪᠠᠶᠢᠭᠤᠯᠬᠤ ᠳᠤ ᠬᠡᠷᠡᠭᠯᠡᠪᠡ᠃ ᠲᠣᠰ ᠰᠠᠭᠤᠷᠢᠨ ᠭᠠᠵᠠᠷ ᠢ ᠪᠠᠶᠢᠭᠤᠯᠤᠭᠰᠠᠨ ᠨᠢ ᠲᠤᠬᠠᠶ ᠶᠢᠨ ᠭᠠᠵᠠᠷ ᠤᠨ ᠰᠦᠯᠵᠢᠶᠡᠨ ᠤ ᠣᠳᠣᠨ ᠨᠡᠪᠲᠡᠷᠡᠭᠦᠯᠭᠡ ᠳᠤ ᠲᠤᠰᠬᠠᠶ ᠮᠡᠷᠭᠡᠵᠢᠯ ᠤᠨ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ ᠭᠤᠤᠯ ᠨᠡᠪᠲᠡᠷᠡᠭᠦᠯᠦᠭᠴᠢ ᠶᠢᠨ ᠲᠠᠨᠢᠯᠴᠠᠭᠤᠯᠭ᠎ᠠ ᠪᠠᠷ ᠳᠠᠮᠵᠢᠭᠤᠯᠤᠨ᠂ ᠲᠤᠬᠠᠶ ᠶᠢᠨ ᠭᠠᠵᠠᠷ ᠤᠨ ᠨᠤᠲᠤᠭ ᠤᠨ ᠵᠠᠩ ᠠᠭᠠᠯᠢ᠂ ᠦᠵᠡᠮᠵᠢ ᠡᠳ᠋ ᠪᠣᠳᠠᠰ ᠢ ᠲᠠᠨᠢᠯᠴᠠᠭᠤᠯᠵᠤ᠂ ᠤᠨᠴᠠᠯᠢᠬᠳᠤ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠨᠤᠲᠤᠭ ᠤᠨ ᠨᠠᠩ ᠣᠯᠠᠨ ᠰᠢᠯᠢᠳᠡᠭ ᠪᠦᠲᠦᠭᠡᠭᠳᠡᠬᠦᠨ ᠢ ᠬᠥᠳᠡᠭᠡ ᠲᠣᠰᠬᠤᠨ ᠠᠴᠠ ᠭᠠᠷᠭᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠤᠭᠰᠠᠨ ᠪᠠᠶᠢᠨ᠎ᠠ᠃ 
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号