| | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠰᠤᠨ | ᠠᠰᠢᠭᠯᠠᠯᠲᠠ ᠶᠢᠨ ᠲᠢᠩᠬᠢᠮ ᠠᠴᠠ ᠴᠤᠤᠯ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠲᠠᠷᠢᠶᠠᠯᠠᠩ ᠳᠤ | ᠬᠡᠷᠡᠭᠯᠡᠬᠦ ᠤᠰᠤᠨ ᠤ ᠦᠨ᠎ᠡ ᠬᠠᠩᠰᠢ ᠶᠢ ᠪᠤᠰᠤᠭ᠎ᠠ ᠲᠦᠷᠪᠡᠯᠵᠢᠨ ᠮᠧᠲᠷ ᠪᠦᠷᠢ ᠳᠤ 0.022 ᠲᠥᠭᠦᠷᠢᠭ ᠢᠶᠠᠷ | ᠲᠣᠭᠲᠠᠭᠠᠵᠤ᠂ 2025 ᠣᠨ ᠤ 1 ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠵᠤ ᠡᠬᠢᠯᠡᠪᠠ᠃ | ᠮᠠᠨ ᠤ ᠤᠷᠤᠨ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠨᠭ᠍ᠰᠢ ᠶᠢᠨ ᠪᠦᠷᠢᠯᠳᠦᠬᠦ ᠲᠣᠭᠲᠠᠴᠠ ᠶᠢ | ᠲᠡᠭᠦᠯᠳᠡᠷᠵᠢᠭᠦᠯᠤᠨ᠂ ᠤᠰᠤᠨ ᠤ ᠡᠬᠢ ᠪᠠᠶᠠᠯᠢᠭ ᠢ ᠠᠷᠪᠢᠯᠠᠬᠤ᠂ ᠬᠠᠮᠠᠭᠠᠯᠠᠬᠤ ᠪᠠ ᠵᠣᠬᠢᠰᠲᠠᠶ ᠠᠰᠢᠭᠯᠠᠬᠤ ᠶᠢ | ᠠᠬᠢᠭᠤᠯᠵᠤ᠂ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠦᠯᠦᠭᠡ ︽ᠤᠰᠤᠨ ᠠᠰᠢᠭᠯᠠᠯᠲᠠ ᠶᠢᠨ | ᠢᠨᠵᠧᠨᠧᠷᠢᠩ ᠤᠨ ᠤᠰᠤ ᠬᠠᠨᠭ᠍ᠭᠠᠬᠤ ᠦᠨ᠎ᠡ ᠬᠠᠨᠭ᠍ᠰᠢ ᠶᠢᠨ ᠬᠠᠮᠢᠶᠠᠷᠤᠯᠲᠠ ᠶᠢᠨ ᠠᠷᠭ᠎ᠠ︾ ︵ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ 54 ᠳ᠋ᠤᠭᠡᠷ ᠲᠣᠭᠠᠲᠤ ᠵᠠᠷᠯᠢᠭ︶᠂ ︽ᠤᠰᠤᠨ | ᠠᠰᠢᠭᠯᠠᠯᠲᠠ ᠶᠢᠨ ᠢᠨᠵᠧᠨᠧᠷᠢᠩ ᠤᠨ ᠤᠰᠤ ᠬᠠᠩᠭᠠᠬᠤ ᠦᠨ᠎ᠡ ᠬᠠᠩᠰᠢ ᠶᠢ ᠲᠣᠭᠲᠠᠭᠠᠬᠤ ᠥᠪᠡᠷ ᠤᠨ ᠥᠷᠲᠡᠭ ᠢ | ᠬᠢᠨᠠᠨ ᠪᠠᠶᠢᠴᠠᠭᠠᠬᠤ ᠠᠷᠭ᠎ᠠ︾ ︵ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ 55 | ᠳ᠋ᠤᠭᠠᠷ ᠲᠣᠭᠠᠲᠤ ᠵᠠᠷᠯᠢᠭ︶ ᠪᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠤᠰᠤ ᠬᠠᠩᠭᠠᠬᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ | ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠥᠪᠡᠷ ᠤᠨ ᠥᠷᠲᠡᠭ ᠢ ᠬᠢᠨᠠᠨ ᠪᠠᠶᠢᠴᠠᠭᠠᠭᠰᠠᠨ ᠰᠠᠭᠤᠷᠢᠨ ᠳᠤ ︽ | ᠥᠪᠡᠷ ᠤᠨ ᠥᠷᠲᠡᠭ ᠳᠡᠭᠡᠷ᠎ᠡ ᠵᠦᠶ ᠵᠣᠬᠢᠰᠲᠠᠶ ᠠᠰᠢᠭ ᠣᠷᠣᠯᠭ᠎ᠠ ᠨᠡᠮᠡᠬᠦ ᠶᠢ ᠵᠥᠪᠰᠢᠶᠡᠷᠡᠬᠦ︾ ᠵᠠᠷᠴᠢᠮ ᠶᠣᠰᠣᠭᠠᠷ | ᠤᠰᠤᠨ ᠤ ᠡᠬᠢ ᠪᠠᠶᠠᠯᠢᠭ ᠤᠨ ᠬᠤᠮᠰᠠᠳᠠᠯ ᠤᠨ ᠬᠡᠮᠵᠢᠶ᠎ᠡ ᠵᠢᠴᠢ ᠬᠡᠷᠡᠭᠯᠡᠭᠴᠢ ᠶᠢᠨ ᠳᠠᠭᠠᠭᠠᠬᠤ ᠴᠢᠳᠠᠪᠤᠷᠢ ᠵᠡᠷᠭᠡ | ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠴᠤᠤᠯ ᠤᠰᠤᠨ ᠠᠰᠢᠭᠯᠠᠯᠲᠠ ᠶᠢᠨ ᠬᠦᠢᠰᠦ | ᠪᠠᠷᠢᠯᠭ᠎ᠠ ᠶᠢᠨ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢ ᠲᠣᠭᠲᠠᠭᠠᠵᠠᠢ᠃ | |