| | 1 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ | ᠬᠤᠶᠠᠳᠤᠭᠠᠷ ᠪᠥᠬᠦᠳᠡ ᠬᠤᠷᠠᠯ ᠬᠤᠷᠠᠯᠳᠤᠭᠤᠯᠪᠠ᠃ | ᠵᠠᠯᠠᠶᠢᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠬᠠᠰᠪᠦ᠋ᠬᠡ᠂ ᠳᠡᠳ᠋ ᠡᠷᠬᠢᠯᠡᠭᠴᠢ ᠢᠦᠶ ᠬᠠᠶ ᠯᠢᠶᠠᠨ᠂ ᠯᠢᠦ ᠯᠢ ᠵᠢᠶᠦ᠋ᠨ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠳᠡᠳ᠋ ᠡᠷᠬᠢᠯᠡᠭᠴᠢ ᠶᠢᠨ ᠨᠡᠷ᠎ᠡ ᠳᠤᠷᠠᠳᠤᠭᠰᠠᠨ ᠵᠢᠱᠢᠭᠳᠡᠭᠴᠢ ᠶᠦᠨ ᠹᠧᠩ ᠬᠤᠷᠠᠯ ᠳᠤ ᠣᠷᠣᠯᠴᠠᠵᠠᠶ᠃ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠼᠤᠤ ᠳ᠋ᠧ ᠯᠢᠨ ᠬᠤᠷᠠᠯ ᠡᠷᠭᠢᠯᠡᠪᠡ᠃ ᠯᠢ ᠬᠤᠤ᠂ ᠴᠧᠩ ᠮᠢᠩ ᠯᠢ | ᠂ ᠭᠤᠤ ᠢᠦᠢ ᠶᠦᠩ ᠵᠡᠷᠭᠡ ᠪᠤᠰᠤᠳ ᠲᠡᠷᠢᠭᠦᠯᠡᠭᠴᠢᠳ ᠤᠨ ᠪᠦᠯᠬᠦᠮ ᠤᠨ ᠭᠡᠰᠢᠬᠦᠨ ᠲᠡᠷᠢᠭᠦᠯᠡᠭᠴᠢ ᠶᠢᠨ | ᠲᠠᠶᠢᠰᠠᠨ ᠳᠤ ᠰᠠᠭᠠᠲᠠᠪᠠ᠃ | ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠤᠨ ᠬᠤᠶᠠᠳᠤᠭᠠᠷ ᠪᠥᠬᠦᠳᠡ ᠬᠤᠷᠠᠯ ᠳᠤ ᠣᠷᠣᠯᠴᠠᠬᠤ ᠶᠣᠰᠣᠲᠠᠶ | ᠲᠥᠯᠥᠭᠡᠯᠡᠭᠴᠢ 225 ᠬᠥᠮᠦᠨ᠂ ᠪᠣᠳᠠᠲᠠᠶ ᠣᠷᠣᠯᠴᠠᠭᠰᠠᠨ ᠲᠥᠯᠥᠭᠡᠯᠡᠭᠴᠢ 192 ᠬᠥᠮᠦᠨ᠂ ᠬᠠᠤᠯᠢ ᠳᠤ | ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠠ᠃ | ᠯᠢ ᠬᠤᠤ᠂ ᠬᠠᠰᠪᠦ᠋ᠬᠡ᠂ ᠭᠤᠤ ᠢᠦᠶ ᠶᠦᠩ᠂ ᠵᠠᠩ ᠰᠢᠤᠢ ᠳ᠋ᠦᠩ᠂ ᠼᠤᠤ ᠳ᠋ᠧ ᠯᠢᠨ ᠲᠣᠰ ᠤᠳᠠᠭᠠᠨ ᠤ | ᠬᠤᠷᠠᠯ ᠤᠨ ᠭᠦᠢᠴᠡᠳᠭᠡᠬᠦ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠪᠡ᠃ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ᠂ ᠬᠠᠰᠪᠦ᠋ᠬᠡ ᠶᠡᠭᠡ ᠬᠤᠷᠠᠯ ᠳᠤ ︽ᠵᠠᠯᠠᠶᠢᠳ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠵᠢᠯ ᠤᠨ ᠢᠯᠡᠳᠭᠡᠯ︾ ᠬᠢᠪᠠ᠃ | ᠬᠠᠰᠪᠦ᠋ᠬᠡ᠂ 2024 ᠣᠨ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠬᠤᠰᠢᠭᠤᠨ ᠤ ᠨᠠᠮ ᠤᠨ ᠬᠤᠷᠢᠶᠠᠨ ᠤ ᠵᠥᠪ ᠤᠨᠤᠪᠴᠢᠳᠠᠢ ᠤᠳᠤᠷᠢᠳᠤᠯᠭ᠎ᠠ ᠳᠣᠤᠷ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠪᠣᠯᠤᠨ ᠲᠥᠪ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ | ᠪᠣᠯᠭᠠᠵᠤ᠂ ︽ᠬᠤᠶᠠᠷ ᠶᠡᠭᠡ ᠶᠠᠪᠤᠳᠠᠯ︾ ᠪᠣᠯᠤᠨ ︽ᠵᠢᠷᠭᠤᠭᠠᠨ ᠢᠨᠵᠧᠨᠧᠷᠢᠩ︾ ᠤᠨ ᠲᠣᠭᠤᠷᠢᠨ ᠳᠤ᠂ ᠪᠥᠬᠦ | ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠶ ᠦᠢᠯᠡᠳᠦᠯᠭᠡᠵᠢᠭᠦᠯᠵᠦ᠂ ᠦᠨᠳᠦᠰᠦᠨ ᠬᠠᠤᠯᠢ ᠬᠠᠤᠯᠢ | ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ | ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ | ᠬᠠᠰᠪᠦ᠋ᠬᠡ ᠵᠥᠪ ᠤᠯᠤᠰ ᠲᠥᠷᠥ ᠶᠢᠨ ᠴᠢᠭᠯᠡᠯ ᠢ ᠪᠠᠲᠤᠳᠬᠠᠵᠤ᠂ ᠨᠠᠮ ᠤᠨ ᠤᠳᠤᠷᠢᠳᠤᠯᠭ᠎ᠠ ᠶᠢ ᠪᠥᠬᠦ | ᠲᠠᠯ᠎ᠠ ᠪᠠᠷ ᠴᠢᠩᠭᠠᠳᠬᠠᠪᠠ᠃ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠪᠦᠲᠦᠮᠵᠢᠲᠡᠶ | ᠬᠡᠷᠡᠭᠵᠢᠭᠦᠯᠪᠡ᠃ ᠬᠠᠤᠯᠢ ᠲᠦᠷᠢᠮ ᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠠᠤᠯᠢᠵᠢᠯ ᠤᠨ | ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠪᠡ᠃ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ | ᠣᠶᠢᠯᠠᠭᠠᠭᠳᠠᠬᠤᠨ ᠢ ᠲᠤᠭᠤᠰᠢᠯᠠᠭᠤᠯᠵᠤ᠂ ᠲᠥᠯᠥᠭᠡᠯᠡᠭᠴᠢᠳ ᠤᠨ ᠠᠵᠢᠯᠯᠠᠭ᠎ᠠ ᠶᠢ ᠣᠯᠠᠨ ᠡᠰᠢᠵᠢᠭᠦᠯᠦᠨ | ᠥᠷᠨᠢᠭᠦᠯᠪᠡ᠃ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ ᠲᠠᠪᠤᠨ ᠲᠠᠯ᠎ᠠ ᠪᠠᠷ ᠵᠠᠯᠠᠶᠢᠳ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ 2024 ᠣᠨ ᠤ ᠠᠵᠢᠯ ᠢ ᠡᠷᠭᠢᠴᠡᠭᠦᠯᠦᠨ ᠳ᠋ᠦᠩᠨᠡᠪᠡ᠃ | ᠬᠠᠰᠪᠦ᠋ᠬᠡ ᠢᠯᠡᠳᠭᠡᠯ ᠳᠡᠭᠡᠨ᠂ 2025 ᠤᠨ ᠳᠤ᠂ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠶᠡᠷᠦᠩᠬᠡᠶ | ᠠᠵᠢᠯ ᠤᠨ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ | ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ | ᠪᠣᠯᠤᠨ ᠪᠥᠬᠦ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ | ᠦᠷᠭᠦᠯᠵᠢᠯᠡᠨ ᠪᠠᠶᠠᠯᠢᠭᠵᠢᠭᠤᠯᠤᠨ ᠬᠥᠭᠵᠢᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ᠭᠤᠤᠯ ᠠᠵᠢᠯ ᠤᠨ | ᠲᠣᠭᠤᠷᠢᠨ ᠳᠤ ᠥᠭᠡᠷᠡᠴᠢᠯᠡᠯᠲᠡ᠂ ᠬᠥᠭᠵᠢᠯᠲᠡ᠂ ᠲᠣᠭᠲᠠᠭᠤᠨ ᠤ ᠳᠤᠮᠳᠠ ᠬᠠᠤᠯᠢ ᠶᠣᠰᠣᠭᠠᠷ ᠬᠢᠨᠠᠯᠲᠠ ᠲᠠᠯᠪᠢᠬᠤ᠂ | ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠬᠤ᠂ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ | ᠠᠴᠠ ᠪᠠᠭᠤᠯᠭᠠᠬᠤ ᠵᠡᠷᠭᠡ ᠠᠵᠢᠯ ᠢ ᠰᠠᠶᠢᠲᠤᠷ ᠬᠢᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠰᠢᠨ᠎ᠡ | ᠵᠠᠮ ᠢ ᠨᠡᠭᠡᠭᠡᠵᠦ᠂ ᠲᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠬᠦᠨ᠎ᠡ ᠭᠡᠵᠠᠢ᠃ | ᠬᠠᠰᠪᠦ᠋ᠬᠡ᠂ 2025 ᠣᠨ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠣᠤᠷᠠᠬᠢ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠃ | ᠨᠢᠭᠡ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠬᠦ ᠶᠠᠪᠤᠴᠠ ᠶᠢᠨ ᠠᠷᠠᠳ ᠤᠨ | ᠠᠷᠠᠳᠴᠢᠯᠠᠯ ᠢ ᠦᠢᠯᠡᠳᠦᠯᠭᠡᠵᠢᠭᠦᠯᠦᠨ ᠬᠦᠭᠵᠢᠬᠦᠯᠤᠨ᠎ᠠ | ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠶᠡᠷᠦᠩᠬᠡᠶᠢᠯᠡᠨ ᠵᠢᠯᠣᠭᠤᠳᠴᠤ᠂ | ᠤᠯᠤᠰ ᠲᠦᠷᠦ ᠶᠢᠨ ᠪᠠᠶᠢᠭᠤᠯᠭ᠎ᠠ ᠶᠢᠨ ᠰᠢᠨᠵᠢ ᠴᠢᠨᠠᠷ ᠢ ᠪᠠᠲᠤ ᠡᠵᠡᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ᠂ | ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠪᠣᠯᠤᠨ ᠲᠥᠪ | ᠬᠤᠷᠢᠶ᠎ᠠ᠂ ᠪᠦᠬᠦ ᠣᠷᠣᠨ᠂ ᠪᠦᠬᠦ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠦᠷᠭᠦᠯᠵᠢᠯᠡᠨ ᠴᠢᠩᠭᠠᠳᠬᠠᠵᠤ᠂ | ᠴᠢᠬᠤᠯᠠ ᠶᠡᠭᠡ ᠬᠡᠷᠡᠭ ᠶᠠᠪᠤᠳᠠᠯ ᠳᠤ ᠵᠢᠭᠠᠪᠤᠷᠢ ᠠᠪᠬᠤ ᠪᠠ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠳᠤ ᠴᠤᠭᠴᠠᠯᠠᠨ᠎ᠠ᠃ | ᠬᠤᠶᠠᠷ᠂ ᠬᠠᠤᠯᠢ ᠶᠣᠰᠣᠭᠠᠷ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ | ᠬᠦᠴᠦᠨ ᠢᠶᠠᠷ ᠢᠶᠠᠨ ᠶᠡᠭᠡ ᠲᠠᠯ᠎ᠠ ᠳᠤ ᠦᠢᠯᠡᠴᠢᠯᠡᠨ᠎ᠡ | ᠬᠤᠰᠢᠭᠤᠨ ᠤ ᠨᠠᠮ ᠤᠨ ᠬᠤᠷᠢᠶᠠᠨ ᠤ ᠳᠤᠷᠠᠳᠤᠭᠰᠠᠨ ᠮᠢᠬᠠᠨ ᠦᠬᠡᠷ᠂ ᠮᠢᠬᠠᠨ ᠬᠤᠨᠢ᠂ ᠡᠷᠳᠡᠨᠢ ᠰᠢᠰᠢ᠂ | ᠲᠤᠲᠤᠷᠭ᠎ᠠ᠂ ᠵᠢᠭᠤᠯᠴᠢᠯᠠᠯ᠂ ᠰᠢᠨ᠎ᠡ ᠡᠨᠧᠷᠭᠢ ᠶᠢᠨ ︽ ᠵᠠᠭᠤᠨ ᠳ᠋ᠦᠩᠰᠢᠭᠤᠷ ᠲᠠᠰ ᠤᠨ ᠵᠢᠷᠭᠤᠭᠠᠨ ᠶᠡᠭᠡ ᠠᠵᠤ | ᠤᠶᠢᠯᠡᠰ︾ ᠪᠠ ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢᠨ ᠲᠣᠭᠤᠷᠢᠨ ᠳᠤ᠂ ᠠᠵᠤ ᠠᠬᠤᠶ ᠶᠢᠨ | ᠠᠵᠢᠯᠯᠠᠭᠠᠨ᠂ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢᠨ ᠲᠠᠯ᠎ᠠ ᠪᠠᠷ | ᠠᠷᠠᠳ ᠣᠯᠠᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠲᠠᠯᠪᠢᠬᠤ ᠡᠷᠬᠡ ᠪᠠᠨ | ᠬᠠᠤᠯᠢ ᠶᠣᠰᠣᠭᠠᠷ ᠬᠡᠷᠡᠭᠵᠢᠭᠦᠯᠦᠨ᠎ᠡ᠃ | ᠭᠤᠷᠪᠠ᠂ ᠬᠠᠤᠯᠢᠵᠢᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠦᠨᠳᠦᠰᠦᠨ ᠬᠠᠤᠯᠢ ᠬᠠᠤᠯᠢ | ᠴᠠᠭᠠᠵᠠ ᠶᠢᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠪᠠᠲᠤᠯᠠᠨ᠎ᠠ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠠᠤᠯᠢ | ᠴᠠᠭᠠᠵᠠ ᠶᠢᠨ ᠬᠢᠨᠠᠯᠲᠠ ᠲᠠᠯᠪᠢᠯᠳᠡ ᠶᠢ ᠴᠢᠩᠭᠠᠳᠬᠠᠵᠤ᠂ ᠦᠨᠳᠦᠰᠦᠨ ᠱᠠᠲᠤᠨ ᠤ ᠬᠠᠤᠯᠢ ᠲᠣᠭᠲᠠᠭᠠᠯᠲᠠ ᠶᠢᠨ | ᠬᠠᠷᠢᠯᠴᠠᠬᠤ ᠴᠡᠭ ᠤᠨ ᠦᠢᠯᠡᠳᠦᠯ ᠢ ᠪᠠᠳᠠᠷᠠᠭᠤᠯᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠳᠠᠩᠰᠠᠯᠠᠭᠤᠯᠵᠤ ᠬᠢᠨᠠᠨ ᠪᠠᠶᠢᠴᠠᠭᠠᠬᠤ ᠶᠢ ᠰᠠᠶᠢᠲᠤᠷ ᠠᠳᠬᠤᠨ᠎ᠠ᠃ | ᠳᠥᠷᠪᠡ᠂ ᠲᠥᠯᠥᠭᠡᠯᠡᠭᠴᠢᠳ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠲᠥᠯᠥᠭᠡᠯᠡᠭᠴᠢᠳ ᠤᠨ ᠭᠤᠤᠯ | ᠴᠣᠭᠴᠠ ᠶᠢᠨ ᠪᠠᠶᠢᠷᠢ ᠰᠠᠭᠤᠷᠢ ᠶᠢ ᠲᠤᠪᠤᠶᠢᠯᠭᠠᠨ᠎ᠠ | ᠲᠥᠯᠥᠭᠡᠯᠡᠭᠴᠢᠳ ᠤᠨ ᠰᠤᠷᠤᠯᠴᠠᠯᠭ᠎ᠠ ᠪᠣᠯᠪᠠᠰᠤᠷᠠᠯ ᠢ ᠴᠢᠩᠭᠠᠳᠬᠠᠵᠤ᠂ ᠬᠤᠰᠢᠭᠤᠨ ᠲᠠᠰ ᠤᠨ | ᠲᠥᠯᠥᠭᠡᠯᠡᠭᠴᠢᠳ ᠤᠨ ᠬᠤᠯᠪᠣᠭ᠎ᠠ ᠠᠪᠬᠤ ᠲᠥᠪ᠂ ᠰᠤᠮᠤ ᠰᠢᠶᠠᠩ ᠪᠠᠯᠭᠠᠰᠤ ᠭᠠᠴᠠᠭ᠎ᠠ ᠲᠣᠰᠬᠤᠨ ᠬᠤᠶᠠᠷ | ᠱᠠᠲᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠡᠷ ᠤᠨ ᠤᠶᠢᠯᠡᠳᠤᠯ ᠢ ᠪᠠᠳᠠᠷᠠᠭᠤᠯᠤᠨ᠂ | ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠱᠠᠯᠠᠪᠳᠠᠭᠤᠯᠤᠨ ᠭᠦᠢᠴᠡᠳᠭᠡᠬᠦ ᠠᠵᠢᠯ ᠢ ᠴᠢᠩᠭᠠᠳᠬᠠᠵᠤ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠲᠦᠷᠢᠮ ᠤᠨ ︽ᠭᠤᠷᠪᠠᠨ ᠱᠠᠲᠤ ᠵᠢᠷᠭᠤᠭᠠᠨ | ᠭᠤᠭᠴᠤᠭ᠎ᠠ︾ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠤᠮᠤ ᠰᠢᠶᠠᠩ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠠᠷᠢᠯᠴᠠᠭ᠎ᠠ᠂ ᠵᠢᠯᠣᠭᠤᠳᠣᠯᠭ᠎ᠠ ᠪᠠ ᠬᠢᠨᠠᠯᠲᠠ ᠶᠢ | ᠴᠢᠩᠭᠠᠳᠬᠠᠨ᠎ᠠ᠃ | ᠲᠠᠪᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠤᠨ᠎ᠠ | ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ︽ᠨᠢᠭᠡᠳᠦᠭᠡᠷ ᠵᠥᠪᠯᠡᠬᠦ ᠰᠡᠳᠦᠪ︾ | ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠰᠢᠰᠲ᠋ᠧᠮᠲᠦ ᠴᠢᠨᠠᠷ ᠢ ᠳᠡᠭᠡᠭᠰᠢᠯᠡᠭᠦᠯᠵᠦ᠂ ᠰᠤᠷᠲᠠᠯ ᠤᠨ ᠪᠠᠶᠢᠭᠤᠯᠤᠯᠲᠠ ᠡᠭᠦᠷᠢᠳᠡ ᠵᠤᠬᠰᠤᠰᠢ ᠦᠭᠡᠢ ᠪᠠᠶᠢᠬᠤ ᠶᠢ | ᠪᠠᠷᠢᠮᠲᠠᠯᠠᠵᠤ᠂ ︽ᠲᠦᠷᠪᠡᠨ ᠪᠠᠶᠢᠭᠤᠯᠭ᠎ᠠ︾ ᠶᠢᠨ ᠪᠠᠶᠢᠷᠢ ᠲᠣᠭᠲᠠᠭᠠᠯᠲᠠ ᠪᠠ ᠱᠠᠭᠠᠷᠳᠠᠯᠭ᠎ᠠ ᠶᠢ ᠪᠠᠲᠤ ᠡᠵᠡᠮᠳᠡᠵᠦ᠂ | ᠠᠷᠠᠳ ᠤᠯᠠᠨ ᠢ ᠰᠡᠳᠬᠢᠯ ᠬᠠᠨᠤᠮᠵᠢᠲᠠᠢ ᠪᠣᠯᠭᠠᠬᠤ ᠤᠯᠤᠰ ᠲᠦᠷᠦ ᠶᠢᠨ ᠪᠠᠶᠢᠭᠤᠯᠭ᠎ᠠ᠂ ᠲᠦᠷᠦ ᠶᠢᠨ ᠡᠷᠬᠡᠲᠦ | ᠪᠠᠶᠢᠭᠤᠯᠭ᠎ᠠ᠂ ᠠᠵᠢᠯ ᠤᠨ ᠪᠠᠶᠢᠭᠤᠯᠭ᠎ᠠ ᠪᠠ ᠲᠥᠯᠥᠭᠡᠯᠡᠬᠦ ᠪᠠᠶᠢᠭᠤᠯᠭ᠎ᠠ ᠶᠢ ᠴᠢᠷᠮᠠᠶᠢᠨ ᠪᠠᠶᠢᠭᠤᠯᠤᠨ᠎ᠠ᠃ | ᠬᠤᠷᠠᠯ ᠠᠴᠠ ᠪᠠᠰᠠ ︽ᠵᠠᠯᠠᠶᠢᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠭᠡᠯ︾ | ᠪᠣᠯᠤᠨ ︽ᠵᠠᠯᠠᠶᠢᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠭᠡᠯ︾ ᠢ ᠰᠣᠨᠣᠰᠪᠠ | ᠃ | | |