ᠬᠤᠯᠪᠣᠭ᠎ᠠ ᠪᠠᠯᠭᠠᠰᠤ 2025 ᠤᠨ ᠤ ᠠᠵᠢᠯ ᠢᠶᠠᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/11
        ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠲᠠᠶᠢᠴᠢᠯᠡᠨ ᠳᠠᠭᠠᠭᠤᠯᠬᠤ ᠪᠠᠶᠢᠴᠠᠭᠠᠨ ᠰᠤᠳᠤᠯᠤᠯᠲᠠ ᠶᠢᠨ ᠬᠤᠯᠪᠣᠭ᠎ᠠ ᠪᠠᠯᠭᠠᠰᠤᠨ ᠤ ᠶᠠᠷᠢᠯᠴᠠᠬᠤ ᠬᠤᠷᠠᠯ ᠠᠴᠠ ᠳᠤᠷᠠᠳᠤᠭᠰᠠᠨ ︽ᠨᠠᠷᠠᠲᠤ ᠲᠡᠮᠳᠡᠭ ᠢ ᠡᠭᠦᠳᠴᠤ᠂ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠬᠤ︾ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2 ᠰᠠᠷ᠎ᠠ ᠶᠢᠨ 8 ᠤ ᠡᠳᠦᠷ᠂ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠲᠠᠶᠢᠴᠢᠯᠡᠨ ᠳᠠᠭᠠᠭᠤᠯᠬᠤ ᠪᠠᠶᠢᠴᠠᠭᠠᠨ ᠰᠤᠳᠤᠯᠤᠯᠲᠠ ᠶᠢᠨ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠷᠠᠯ ᠢ ᠨᠠᠮ ᠤᠨ ᠬᠤᠷᠢᠶᠠᠨ ᠤ ᠱᠦᠵᠢ ᠯᠦ ᠶᠦᠩ ᠽᠧ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠥᠬᠦ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠠᠴᠠ᠂ ᠪᠥᠬᠦ ᠪᠠᠯᠭᠠᠰᠤ ᠪᠠᠷ ᠢᠶᠠᠨ ᠨᠠᠮ ᠤᠨ ᠪᠠᠶᠢᠭᠤᠯᠤᠯᠲᠠ ᠪᠠᠷ ᠲᠠᠶᠢᠴᠢᠯᠡᠨ ᠳᠠᠭᠠᠭᠤᠯᠬᠤ ᠪᠠᠷ ᠭᠤᠤᠯ ᠪᠣᠯᠭᠠᠵᠤ᠂ ︽ᠨᠠᠷᠠᠲᠤ ᠲᠡᠮᠳᠡᠭ ᠢ ᠡᠭᠦᠳᠴᠤ᠂ ᠬᠤᠷᠢᠭ᠎ᠠ ᠱᠤᠭᠤᠮ ᠢ ᠰᠠᠶᠢᠲᠤᠷ ᠰᠠᠬᠢᠬᠤ᠂ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠬᠤ︾ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠷᠢᠯᠢᠭ ᠠᠵᠢᠯᠯᠠᠵᠤ᠂ ᠠᠵᠢᠯᠯᠠᠭᠠᠨ ᠤ ᠵᠠᠭᠪᠤᠷ ᠢ ᠲᠡᠭᠦᠯᠳᠡᠷᠵᠢᠭᠦᠯᠦᠨ᠂ ᠵᠢᠱᠢᠶ᠎ᠡ ᠦᠵᠡᠭᠦᠯᠵᠦ᠂ ᠪᠣᠳᠠᠲᠤ ᠦᠷ᠎ᠡ ᠪᠦᠲᠦᠮᠵᠢ ᠭᠠᠷᠭᠠᠵᠤ᠂ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠲᠠᠶᠢᠴᠢᠯᠡᠨ ᠳᠠᠭᠠᠭᠤᠯᠬᠤ ᠲᠥᠪᠯᠡᠷᠡᠭᠦᠯᠦᠨ ᠪᠠᠶᠢᠴᠠᠭᠠᠨ ᠰᠤᠳᠤᠯᠤᠯᠲᠠ ᠬᠢᠬᠦ ᠳᠤ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠲᠡᠶ ᠭᠡᠵᠤ ᠱᠠᠭᠠᠷᠳᠠᠵᠠᠢ᠃
 
ᠢᠷᠡᠯᠲᠡ᠄ ᠬᠤᠯᠪᠣᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号