ᠰᠡᠳᠬᠢᠯ ᠢᠶᠠᠨ ᠨᠢᠭᠡᠳᠭᠡᠨ ᠬᠦᠴᠤ ᠪᠠᠨ ᠬᠠᠮᠳᠤᠳᠬᠠᠵᠤ ᠡᠷᠡᠯᠬᠡᠭᠯᠡᠨ ᠲᠡᠮᠡᠴᠡᠵᠤ ᠰᠢᠨ᠎ᠠ ᠦᠷ᠎ᠠ ᠪᠦᠳᠤᠮᠵᠢ ᠶᠢ ᠡᠬᠦᠳᠤᠨ᠎ᠠ
ᠨᠡᠶᠢᠲᠡᠯᠡᠭᠰᠡᠨ ᠴᠠᠭ᠄
2025/2/12
      — ᠵᠠᠯᠠᠶᠢᠳ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠠ ᠶᠢ ᠪᠠᠳᠤᠳᠠᠢ ᠠᠬᠢᠭᠤᠯᠵᠤ ᠪᠠᠶᠢᠭ᠎ᠠ ᠲᠤᠬᠠᠢ ᠰᠤᠷᠪᠤᠯᠵᠢᠯᠠᠭ᠎ᠠ    ᠵᠠᠯᠠᠶᠢᠳ ᠬᠤᠰᠢᠭᠤ 53 ᠲᠤᠯᠠᠭᠠᠯᠠᠭ᠎ᠠ ᠬᠠᠩᠭᠠᠬᠤ ᠦᠷᠳᠡᠭᠡ᠂ 155.8 ᠺᠢᠯᠤᠮᠧᠲᠷ ᠤᠨ ᠲᠤᠯᠠᠭᠠᠯᠠᠭ᠎ᠠ ᠬᠠᠩᠭᠠᠬᠤ ᠬᠤᠭᠤᠯᠠᠢ ᠲᠤᠤᠷ ᠢ ᠰᠢᠨ᠎ᠠ ᠪᠠᠷ ᠪᠠᠶᠢᠭᠤᠯᠬᠤ ᠪᠠ ᠵᠠᠰᠠᠨ ᠰᠠᠶᠢᠵᠢᠷᠠᠭᠤᠯᠵᠤ᠂ 1528 ᠭᠡᠷ ᠲᠤ ᠲᠤᠯᠠᠭᠠᠨ ᠢ ᠴᠤᠭᠯᠠᠭᠤᠯᠬᠤ ᠲᠦᠬᠦᠭᠡᠷᠤᠮᠵᠢ ᠲᠠᠭᠠᠷᠠᠭᠤᠯᠤᠨ᠂ 16 ᠬᠠᠭᠤᠴᠢᠨ ᠪᠠᠭ᠎ᠠ ᠲᠤᠭᠤᠷᠢᠭ ᠢ ᠵᠠᠰᠠᠵᠤ᠂ ᠬᠤᠳᠠ ᠪᠠᠯᠭᠠᠰᠤᠨ ᠤ 1126 ᠬᠦᠮᠤᠨ ᠳᠤ ᠰᠢᠨ᠎ᠠ ᠪᠠᠷ ᠠᠵᠢᠯ ᠤᠯᠭᠤᠵᠤ᠂ ᠬᠦᠳᠡᠭᠡ ᠲᠤᠰᠬᠤᠨ ᠤ 22188 ᠬᠦᠳᠡᠯᠮᠤᠷᠢ ᠬᠦᠴᠤᠨ ᠢ ᠰᠢᠯᠵᠢᠬᠦᠯᠤᠨ ᠠᠵᠢᠯ ᠤᠯᠭᠤᠪᠠ᠃ 2024 ᠤᠨ ᠳᠤ᠂ ᠵᠠᠯᠠᠶᠢᠳ ᠬᠤᠰᠢᠭᠤ ᠬᠦᠴᠤᠨ ᠢᠶᠠᠨ ᠲᠦᠪᠯᠡᠷᠡᠬᠦᠯᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠲᠡᠳᠠᠨᠠᠷ ᠤᠨ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ︾ ᠪᠠᠶᠢᠭ᠎ᠠ ᠶᠠᠪᠤᠳᠠᠯ ᠢ ᠪᠦᠳᠤᠮᠵᠢᠳᠠᠢ ᠰᠶᠢᠳᠪᠤᠷᠢᠯᠡᠵᠤ ᠦᠭᠬᠦᠭᠰᠡᠨ ᠪᠠᠶᠢᠨ᠎ᠠ᠃ ᠪᠦᠷᠢᠳᠭᠡᠯ ᠢ ᠦᠨᠳᠤᠰᠤᠯᠡᠪᠡᠯ᠂ ᠨᠢᠳᠤᠨᠤᠨ ᠵᠢᠯ ᠳᠤᠰ ᠬᠤᠰᠢᠭᠤ ᠠᠶᠢᠮᠠᠭ ᠤᠨ ᠲᠡᠰ ᠤᠨ 34 ᠴᠢᠬᠤᠯᠠ ᠶᠡᠭᠡ ᠲᠦᠷᠤᠯ ᠵᠦᠢᠯ ᠳᠤ 45 ᠳ᠋ᠥᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠲᠤᠭᠳᠠᠮᠡᠯ ᠡᠳ᠋ ᠬᠦᠷᠤᠩᠬᠡ ᠶᠢᠨ ᠪᠡᠯᠡ ᠤᠷᠤᠭᠤᠯᠤᠯᠳᠠ ᠨᠢ 52.5 ᠳ᠋ᠦᠩᠰᠢᠭᠤᠷ ᠲᠦᠬᠦᠷᠢᠭ ᠢ ᠪᠠᠶᠡᠯᠡᠬᠦᠯᠤᠨ᠂ ᠠᠳᠠᠯᠢ ᠬᠤᠭᠤᠴᠠᠭᠠᠨ ᠤ ᠬᠢ ᠠᠴᠠ 27.7% ᠪᠠᠷ ᠨᠡᠮᠡᠭᠳᠡᠪᠡ᠃ ᠭᠠᠵᠠᠷ ᠰᠢᠷᠤᠢ ᠶᠢᠨ ᠨᠡᠮᠡᠭᠳᠡᠯ ᠬᠠᠰᠤᠭᠳᠠᠯ ᠢ ᠬᠤᠯᠪᠤᠭᠳᠠᠭᠤᠯᠬᠤ ᠲᠦᠷᠤᠯ ᠵᠦᠢᠯ ᠢ ᠮᠤᠵᠢ ᠠᠯᠤᠰᠯᠠᠨ 3226 ᠮᠤ᠋ ᠠᠷᠠᠯᠵᠢᠶᠠᠯᠠᠨ᠂ ᠬᠤᠯᠪᠤᠭ᠎ᠠ ᠪᠠᠯᠭᠠᠰᠤᠨ ᠤ 4 ᠲᠤᠰᠬᠤᠨ ᠢ ᠪᠦᠳᠤᠭᠡᠨ ᠪᠠᠶᠢᠭᠤᠯᠵᠤ ᠲᠠᠭᠤᠰᠤᠭᠰᠠᠨ ᠤ ᠬᠠᠮᠳᠤ 898 ᠡᠷᠤᠬᠡ ᠨᠡᠬᠦᠨ ᠤᠷᠤᠵᠤ᠂ ᠰᠢᠨ᠎ᠠ ᠪᠠᠷ 6615.9 ᠮᠤ᠋ ᠲᠠᠷᠢᠶᠠᠨ ᠭᠠᠵᠠᠷ ᠨᠡᠮᠡᠭᠳᠡᠨ᠂ ᠭᠠᠵᠠᠷ ᠰᠢᠷᠤᠢ ᠶᠢᠨ ᠡᠬᠢ ᠪᠠᠶᠠᠯᠢᠭ ᠢ ᠪᠦᠳᠤᠮᠵᠢᠳᠠᠢ ᠠᠰᠢᠭᠯᠠᠭᠰᠠᠨ ᠪᠠᠶᠢᠨ᠎ᠠ᠃    ᠲᠤᠰ ᠬᠤᠰᠢᠭᠤ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠪᠠᠶᠢᠩᠭᠤ ᠶᠢᠨ ᠴᠢᠨᠠᠷᠳᠠᠢ ᠪᠠᠷ ᠴᠡᠭᠴᠡᠯᠡᠨ ᠵᠠᠰᠠᠵᠤ᠂ ᠳᠤᠰ ᠳᠤᠰ ᠰᠢᠨ᠎ᠠ ᠪᠠᠷ ᠪᠤᠬᠢᠷ ᠤᠰᠤ ᠶᠢ ᠰᠶᠢᠳᠪᠤᠷᠢᠯᠡᠬᠦ ᠦᠢᠯᠡᠳᠪᠤᠷᠢ 5᠂ ᠤᠷᠤᠨ ᠤ ᠲᠡᠰ ᠤᠨ ᠨᠤᠭᠤᠭᠠᠷᠠᠭᠤᠯᠤᠯᠳᠠ ᠶᠢᠨ ᠭᠠᠴᠠᠭ᠎ᠠ ᠶᠢ 18 ᠪᠠᠶᠢᠭᠤᠯᠪᠠ᠃ ᠨᠤᠷᠠᠬᠤ ᠠᠶᠤᠯᠳᠠᠢ ᠭᠡᠷ ᠢ 157 ᠴᠡᠭᠴᠡᠯᠡᠨ ᠵᠠᠰᠠᠵᠤ᠂ ᠬᠦᠳᠡᠭᠡ ᠲᠤᠰᠬᠤᠨ ᠤ ᠵᠤᠷᠯᠥᠩ ᠢ 2020 ᠵᠠᠰᠠᠨ ᠪᠠᠶᠢᠭᠤᠯᠪᠠ᠃ ᠬᠦᠳᠡᠭᠡ ᠲᠤᠰᠬᠤᠨ ᠤ ︽ᠭᠤᠷᠪᠠ ᠶᠢ ᠬᠤᠪᠢᠷᠠᠭᠤᠯᠬᠤ︾ ᠦᠭᠡᠷᠡᠴᠢᠯᠡᠯᠳᠠ ᠶᠢᠨ ᠲᠤᠷᠰᠢᠯᠳᠠ ᠶᠢᠨ ᠴᠡᠭ ᠤᠨ 29 ᠭᠠᠴᠠᠭ᠎ᠠ ᠲᠤᠰᠬᠤᠨ ᠪᠦᠬᠦᠨ ᠢᠶᠠᠷ ᠢᠶᠠᠨ ︽ᠲᠠᠪᠤᠨ ᠶᠡᠭᠡ︾ ᠬᠤᠷᠰᠢᠶ᠎ᠠ ᠶᠢ ᠪᠠᠶᠢᠭᠤᠯᠤᠨ᠂ ᠠᠰᠢᠭ ᠬᠤᠪᠢᠶᠠᠬᠤ ᠶᠢ ᠪᠡᠶᠡᠯᠡᠬᠦᠯᠵᠠᠢ᠃    ᠦᠩᠭᠡᠷᠡᠭᠰᠡᠨ ᠵᠢᠯ ᠳᠤ᠂ ᠵᠠᠯᠠᠶᠢᠳ ᠬᠤᠰᠢᠭᠤ ᠲᠠᠷᠢᠶᠠᠯᠠᠩ ᠰᠤᠶᠤᠯ ᠵᠢᠭᠤᠯᠴᠢᠯᠠᠯ ᠤᠨ ᠠᠭᠤᠰᠤᠯᠴᠠᠯ ᠬᠦᠭᠵᠢᠯᠳᠠ ᠶᠢ ᠬᠦᠴᠤᠯᠡᠨ ᠠᠬᠢᠭᠤᠯᠵᠤ᠂ ᠬᠤᠯᠪᠤᠭ᠎ᠠ ᠰᠤᠶᠤᠯ ᠵᠢᠭᠤᠯᠴᠢᠯᠠᠯ ᠤᠨ ᠤᠷᠤᠨ ᠨᠢ 4A ᠲᠡᠰ ᠤᠨ ᠦᠵᠡᠮᠵᠢ ᠶᠢᠨ ᠤᠷᠤᠨ ᠢᠶᠠᠷ ᠦᠨᠡᠯᠡᠭᠳᠡᠵᠤ᠂ ᠵᠠᠯᠠᠶᠢᠳ ᠬᠤᠰᠢᠭᠤ ᠨᠢ ᠦᠪᠠᠷᠳᠡᠭᠡᠨ ᠵᠠᠰᠠᠬᠤ ᠤᠷᠤᠨ ᠤ ᠰᠤᠶᠤᠯ ᠤᠨ ᠠᠵᠤ ᠦᠢᠯᠡᠰ ᠢᠶᠠᠷ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠬᠦᠴᠤᠯᠡᠬᠦ ᠲᠤᠷᠰᠢᠯᠳᠠ ᠶᠢᠨ ᠴᠡᠭ ᠢᠶᠠᠷ ᠦᠨᠡᠯᠡᠭᠳᠡᠭᠰᠡᠨ ᠪᠠᠶᠢᠨ᠎ᠠ᠃ ᠡᠬᠦᠨ ᠠᠴᠠ ᠭᠠᠳᠠᠨ᠎ᠠ᠂ ᠵᠠᠯᠠᠶᠢᠳ ᠬᠤᠰᠢᠭᠤ ᠰᠤᠷᠭᠠᠨ ᠬᠦᠮᠤᠵᠢᠯ᠂ ᠡᠮ ᠡᠮᠨᠡᠯᠭᠡ᠂ ᠨᠠᠰᠤᠳᠠᠨ ᠢ ᠠᠰᠠᠷᠠᠬᠤ ᠭᠤᠷᠪᠠᠨ ᠶᠠᠪᠤᠳᠠᠯ ᠤᠨ ᠬᠦᠭᠵᠢᠯᠳᠠ ᠶᠢ ᠬᠦᠴᠤᠯᠡᠨ ᠠᠬᠢᠭᠤᠯᠤᠭᠰᠠᠨ ᠪᠠᠶᠢᠨ᠎ᠠ᠃    ᠬᠦᠭᠵᠢᠯᠳᠠ ᠶᠢᠨ ᠰᠢᠨ᠎ᠠ ᠠᠬᠢᠴᠠ ᠳᠤ᠂ ᠵᠠᠯᠠᠶᠢᠳ ᠬᠤᠰᠢᠭᠤ ᠢᠳᠡᠭᠡᠯ ᠢᠶᠠᠨ ᠪᠠᠳᠤᠳᠬᠠᠨ᠂ ᠬᠠᠳᠠᠭᠤᠵᠢᠯᠳᠠᠢ ᠠᠵᠢᠯᠯᠠᠨ ᠪᠤᠳᠠᠳᠠᠢ ᠠᠵᠢᠯᠯᠠᠵᠤ᠂ ᠲᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠭᠰᠠᠨ ᠵᠠᠯᠠᠶᠢᠳ ᠬᠤᠰᠢᠭᠤᠨ ᠤ ᠰᠢᠨ᠎ᠠ ᠬᠠᠭᠤᠳᠠᠰᠤ ᠶᠢ ᠬᠦᠴᠤᠯᠡᠨ ᠪᠢᠴᠢᠭᠯᠡᠨ᠎ᠠ᠃  · ᠪᠠᠢ ᠢᠥᠢ ᠯᠢᠶᠠᠩ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号