ᠬᠢᠩᠭᠠᠨ ᠠᠶᠢᠮᠠᠭ ᠲᠤ ᠤᠯᠤᠰ ᠤᠨ ᠲᠡᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠲᠠᠢ ᠪᠤᠯᠪᠠ
ᠨᠡᠶᠢᠲᠡᠯᠡᠭᠰᠡᠨ ᠴᠠᠭ᠄
2025/2/13
     ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠤᠶᠢᠷ᠎ᠠ ᠳᠤ 846 ᠳ᠋ᠤᠭᠠᠷ ᠲᠤᠭᠠᠳᠤ ᠠᠯᠪᠠᠨ ᠵᠠᠷᠯᠠᠯ ᠨᠡᠶᠢᠳᠡᠯᠡᠵᠦ᠂ ᠮᠠᠨ ᠤ ᠤᠷᠤᠨ ᠠᠴᠠ ᠮᠡᠳᠡᠭᠦᠯᠦᠭᠰᠡᠨ ᠬᠢᠩᠭᠠᠨ ᠠᠶᠢᠮᠠᠭ ᠤᠨ ︽ᠵᠠᠰᠠᠭᠳᠤ ᠬᠤᠨᠢ︾ ᠤᠯᠤᠰ ᠤᠨ ᠮᠠᠯ ᠵᠢᠭᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠵᠦᠪᠯᠡᠯ ᠤᠨ ᠬᠢᠨᠠᠨ ᠳᠤᠭᠳᠠᠭᠠᠯᠳᠠ ᠶᠢ ᠦᠩᠭᠡᠷᠡᠬᠦᠯᠵᠦ᠂ ᠬᠢᠩᠭᠠᠨ ᠠᠶᠢᠮᠠᠭ ᠤᠨ ᠠᠩᠬᠠᠳᠠᠭᠴᠢ ᠤᠯᠤᠰ ᠤᠨ ᠳᠡᠰ ᠤᠨ ᠮᠠᠯ ᠵᠢᠭᠦᠷᠳᠡᠨ ᠤ ᠤᠳᠤᠮᠯᠠᠯ ᠤᠨ ᠡᠬᠢ ᠪᠠᠶᠠᠯᠢᠭ ᠪᠤᠯᠪᠠ᠃     ︽ᠵᠠᠰᠠᠭᠳᠤ ᠬᠤᠨᠢ ᠭᠤᠤᠯᠳᠠᠭᠤ ᠤᠤᠯ ᠤᠨ ᠵᠠᠰᠠᠭᠳᠤ ᠸᠠᠩ ᠤᠨ ᠬᠤᠰᠢᠭᠤ᠂ ᠳᠠᠷᠤᠢ ᠤᠳᠤ ᠶᠢᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠤᠯᠠᠭᠠᠨᠮᠤᠳᠤ ᠶᠢᠨ ᠲᠠᠯ᠎ᠠ ᠨᠤᠳᠤᠭ ᠲᠤ ᠪᠠᠶᠢᠳᠠᠭ ᠠᠴᠠ ᠡᠶᠢᠨ ᠬᠦ ᠨᠡᠷᠡᠶᠢᠳᠴᠠᠢ᠃ ᠲᠡᠷᠡ ᠨᠢ ᠤᠷᠳᠤ ᠬᠤᠭᠤᠴᠠᠭᠠᠨ ᠤ ᠪᠠᠶᠢᠭᠠᠯᠢ ᠶᠢᠨ ᠰᠢᠯᠢᠯᠳᠡ ᠪᠠ ᠮᠠᠯᠴᠢᠳ ᠤᠨ ᠠᠷᠠᠴᠢᠯᠠᠭ᠎ᠠ ᠮᠠᠯᠯᠠᠭ᠎ᠠ ᠪᠠᠷ ᠤᠳᠤ ᠶᠢᠨ ᠰᠢᠯᠢᠳᠡᠭ ᠡᠭᠦᠯᠳᠡᠷ ᠤᠨ ᠬᠤᠨᠢ ᠪᠤᠯᠵᠤ ᠪᠤᠶᠢᠵᠢᠭᠰᠠᠨ ᠶᠤᠮ︾ ᠭᠡᠵᠦ ᠬᠢᠩᠭᠠᠨ ᠠᠶᠢᠮᠠᠭ ᠤᠨ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠬᠤ ᠭᠠᠵᠠᠷ ᠤᠨ ᠳᠡᠳ᠋ ᠳᠠᠷᠤᠭ᠎ᠠ ᠯᠢ ᠴᠧᠩ ᠵᠢᠶᠤᠤ ᠲᠠᠨᠢᠯᠴᠠᠭᠤᠯᠵᠤ ᠪᠠᠶᠢᠯ᠎ᠠ᠃      ᠤᠶᠢᠯᠠᠭᠠᠭᠰᠠᠨ ᠢᠶᠠᠷ᠂ ᠵᠠᠰᠠᠭᠳᠤ ᠬᠤᠨᠢ ᠪᠤᠯ ᠬᠢᠩᠭᠠᠨ ᠠᠶᠢᠮᠠᠭ ᠤᠨ ᠤᠯᠠᠭᠠᠨᠮᠤᠳᠤ ᠶᠢᠨ ᠬᠠᠩᠭᠠᠢ ᠨᠤᠳᠤᠭ ᠲᠤ ᠤᠷᠳᠤ ᠬᠤᠭᠤᠴᠠᠭ᠎ᠠ ᠪᠠᠷ ᠤᠷᠤᠰᠢᠨ ᠠᠮᠢᠳᠤᠷᠠᠵᠤ ᠢᠷᠡᠭᠰᠡᠨ ᠮᠢᠬ᠎ᠠ ᠨᠤᠤᠰᠤ ᠶᠢᠨ ᠬᠤᠤᠰ ᠬᠡᠷᠡᠭᠴᠡᠭᠡᠳᠦ ᠮᠤᠩᠭᠤᠯ ᠬᠤᠨᠢ ᠶᠢᠨ ᠨᠢᠭᠡ ᠲᠦᠷᠦᠯ ᠪᠤᠯᠤᠨ᠎ᠠ᠃     ᠲᠤᠰ ᠬᠤᠨᠢ ᠶᠢᠨ ᠨᠢᠷᠤᠭᠤ ᠶᠢᠨ ᠬᠡᠰᠡᠭ ᠤᠨ ᠨᠤᠤᠰᠤ ᠨᠢ ᠴᠠᠭᠠᠨ ᠦᠩᠭᠡ ᠪᠠᠷ ᠭᠤᠤᠯᠯᠠᠵᠤ᠂ ᠬᠤᠰᠢᠭᠤ ᠶᠢᠨ ᠬᠡᠰᠡᠭ ᠪᠠ ᠨᠢᠳᠤ ᠶᠢ ᠨᠢ ᠲᠤᠭᠤᠷᠢᠭᠠᠳ ᠬᠠᠷ᠎ᠠ ᠦᠩᠭᠡ ᠪᠤᠶᠤ ᠪᠤᠷᠤ ᠦᠩᠭᠡ ᠲᠠᠢ᠂ ᠠᠪᠠᠷᠢᠵᠤ ᠮᠠᠴᠤᠬᠤ ᠴᠢᠳᠠᠪᠤᠷᠢ ᠪᠠᠷ ᠰᠠᠶᠢᠨ᠂ ᠳᠠᠭᠠᠭᠠᠴᠠ ᠰᠠᠶᠢᠳᠠᠢ᠂ ᠮᠢᠬ᠎ᠠ ᠨᠢ ᠦᠭᠡᠬᠦ ᠮᠢᠬ᠎ᠠ ᠲᠡᠩᠴᠡᠭᠦᠦ ᠠᠮᠳᠠᠯᠢᠭ ᠰᠠᠶᠢᠬᠠᠨ ᠪᠠᠶᠢᠵᠤ᠂ ᠬᠦᠮᠦᠰ ᠤᠨ ᠳᠠᠭᠠᠰᠢᠶᠠᠯ ᠢ ᠶᠡᠬᠡᠳᠡ ᠤᠯᠵᠤ ᠪᠠᠶᠢᠨ᠎ᠠ᠃ ᠭᠡᠪᠡᠴᠤ ᠦᠩᠭᠡᠷᠡᠭᠰᠡᠨ ᠳᠤ ᠵᠠᠮ ᠨᠡᠪᠳᠡᠷᠡᠯᠭᠡ ᠳᠦᠭᠦᠮ ᠦᠭᠡᠢ᠂ ᠴᠢᠮᠡᠭᠡ ᠬᠤᠯᠪᠤᠭ᠎ᠠ ᠬᠦᠭᠵᠢᠭᠡ ᠦᠭᠡᠢ ᠪᠠᠶᠢᠭᠰᠠᠨ ᠳᠡᠭᠡᠷ᠎ᠠ ᠨᠡᠶᠢᠳᠡᠮ ᠪᠠᠶᠢᠴᠠᠭᠠᠯᠳᠠ ᠬᠢᠬᠦ ᠠᠵᠢᠯᠳᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠨᠢ ᠬᠢᠵᠠᠭᠠᠷᠳᠠᠢ ᠵᠡᠷᠭᠡ ᠨᠦᠬᠦᠴᠡᠯ ᠠᠴᠠ ᠪᠤᠯᠵᠤ᠂ ᠲᠤᠰ ᠬᠤᠨᠢ ᠶᠢ ᠶᠡᠷᠦ ᠨᠢ ᠮᠤᠩᠭᠤᠯ ᠬᠤᠨᠢ ᠭᠡᠵᠦ ᠨᠡᠷᠡᠯᠡᠭᠡᠳ ᠨᠢᠭᠡ ᠬᠡᠮᠵᠢᠶᠡᠨ᠎ᠠ ᠤᠮᠳᠤᠭᠠᠶᠢᠯᠠᠭᠳᠠᠵᠤ ᠪᠠᠶᠢᠪᠠ᠃     2021 ᠣᠨ ᠳᠤ ᠶᠠᠪᠤᠭᠳᠠᠭᠰᠠᠨ ᠪᠦᠬᠦ ᠤᠯᠤᠰ ᠤᠨ ᠭᠤᠷᠪᠠᠳᠤᠭᠠᠷ ᠤᠳᠠᠭ᠎ᠠ ᠶᠢᠨ ᠮᠠᠯ ᠵᠢᠭᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠳᠠ ᠳᠤ ᠬᠢᠩᠭᠠᠨ ᠠᠶᠢᠮᠠᠭ ᠠᠴᠠ ᠠᠶᠢᠮᠠᠭ ᠤᠨ ᠲᠤᠳᠤᠭᠠᠳᠤ ᠭᠠᠳᠠᠭᠠᠳᠦ ᠶᠢᠨ ᠲᠤᠰᠬᠠᠢ ᠮᠡᠷᠭᠡᠵᠢᠯᠳᠡᠨ ᠢ ᠤᠷᠢᠵᠤ ᠲᠤᠬᠠᠢ ᠶᠢᠨ ᠲᠠᠯᠠᠪᠤᠷ ᠲᠤ ᠰᠢᠯᠭᠠᠨ ᠪᠠᠶᠢᠴᠠᠭᠠᠬᠤ ᠶᠢᠨ ᠬᠠᠮᠳᠤ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠬᠠᠶᠢᠵᠤ ᠦᠵᠡᠬᠦ ᠪᠠ ᠮᠠᠯᠴᠢᠳ ᠠᠴᠠ ᠰᠤᠷᠪᠤᠯᠵᠢᠯᠠᠨ ᠠᠰᠠᠭᠤᠬᠤ ᠪᠠᠷ ᠳᠠᠮᠵᠢᠨ ᠲᠤᠰ ᠬᠤᠨᠢ ᠶᠢᠨ ᠲᠡᠦᠬᠡ ᠎ ᠶᠢ ᠨᠠᠷᠢᠯᠢᠭ ᠤᠶᠢᠯᠠᠭᠠᠵᠤ᠂ ᠡᠭᠦᠯᠳᠡᠷ ᠢ ᠬᠠᠮᠠᠭᠠᠯᠠᠬᠤ ᠲᠠᠯᠠᠪᠠᠢ ᠪᠠ ᠮᠠᠯᠵᠢᠬᠤ ᠡᠷᠦᠬᠡ ᠪᠠᠷ ᠲᠤᠰ ᠬᠤᠨᠢ ᠶᠢᠨ ᠪᠡᠶ᠎ᠠ ᠭᠠᠯᠪᠢᠷ ᠪᠠ ᠵᠢᠰᠦᠮ᠂ ᠦᠢᠯᠡᠳᠪᠤᠷᠢᠯᠡᠯ ᠤᠨ ᠰᠢᠨᠵᠢ ᠴᠢᠳᠠᠪᠤᠷᠢ ᠵᠡᠷᠭᠡ ᠳᠤ ᠪᠦᠬᠦ ᠲᠠᠯ᠎ᠠ ᠶᠢᠨ ᠰᠢᠰᠲ᠋ᠧᠮ ᠲᠠᠢ ᠰᠢᠯᠭᠠᠨ ᠬᠡᠮᠵᠢᠯᠳᠡ ᠬᠢᠯᠬᠡᠵᠦ᠂ ᠳᠠᠷᠠᠭ᠎ᠠ ᠨᠢ ᠰᠦᠷᠦᠭ ᠤᠨ ᠤᠳᠤᠮᠯᠠᠯ ᠤᠨ ᠪᠦᠲᠦᠴᠡ ᠶᠢᠨ ᠵᠠᠳᠠᠯᠤᠯᠳᠠ ᠪᠠ ᠬᠤᠨᠢᠨ ᠮᠢᠬ᠎ᠠ ᠶᠢᠨ ᠶᠠᠰᠤ ᠴᠢᠨᠠᠷ ᠢ ᠦᠨᠡᠯᠡᠨ ᠳᠤᠭᠳᠠᠭᠠᠬᠤ ᠠᠵᠢᠯ ᠦᠷᠨᠢᠭᠦᠯᠵᠠᠢ᠃ ᠶᠡᠷᠦᠩᠬᠡᠢ ᠳᠤᠨᠢ ᠬᠢᠨᠠᠨ ᠳᠤᠭᠳᠠᠭᠠᠵᠤ ᠬᠠᠷᠢᠴᠠᠭᠤᠯᠬᠤ ᠪᠠᠷ ᠳᠠᠮᠵᠢᠨ ᠲᠤᠰ ᠬᠤᠨᠢ ᠨᠢ ᠪᠤᠰᠤᠳ ᠮᠤᠩᠭᠤᠯ ᠬᠤᠨᠢ ᠠᠴᠠ ᠢᠯᠭᠠᠷᠠᠬᠤ ᠲᠤᠪᠤᠶᠢᠮ᠎ᠠ ᠤᠨᠴᠠᠯᠢᠭ ᠰᠢᠨᠵᠢ ᠲᠠᠢ ᠪᠠᠶᠢᠳᠠᠭ ᠢᠶᠠᠷ ᠤᠯᠤᠰ ᠤᠨ ᠮᠠᠯ ᠵᠢᠭᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠵᠦᠪᠯᠡᠯ ᠠᠴᠠ ᠰᠢᠨ᠎ᠠ ᠲᠦᠷᠦᠯ ᠤᠨ ᠤᠳᠤᠮᠯᠠᠯ ᠤᠨ ᠡᠬᠢ ᠪᠠᠶᠠᠯᠢᠭ ᠢᠶᠠᠷ ᠬᠢᠨᠠᠨ ᠳᠤᠭᠳᠠᠭᠠᠭᠰᠠᠨ ᠪᠠᠶᠢᠨ᠎ᠠ᠃     ᠬᠢᠩᠭᠠᠨ ᠠᠶᠢᠮᠠᠭ ᠲᠤ ᠤᠳᠤ 35.2 ᠲᠦᠮᠡᠨ ᠵᠠᠰᠠᠭᠳᠤ ᠬᠤᠨᠢ ᠲᠠᠢ᠂ ᠲᠤᠰ ᠡᠬᠦᠯᠳᠡᠷ ᠤᠨ ᠬᠤᠨᠢ ᠤᠯᠤᠰ ᠤᠨ ᠤᠳᠤᠮᠯᠠᠯ ᠤᠨ ᠡᠬᠢ ᠪᠠᠶᠠᠯᠢᠭ ᠲᠤ ᠪᠦᠷᠢᠳᠭᠡᠭᠳᠡᠭᠰᠡᠨ ᠨᠢ ᠬᠢᠩᠭᠠᠨ ᠠᠶᠢᠮᠠᠭ ᠤᠨ ᠮᠠᠯ ᠠᠵᠤ ᠠᠬᠤᠢ ᠎ ᠶᠢᠨ ᠬᠦᠭᠵᠢᠯᠳᠡ ᠳᠤ ᠰᠢᠨ᠎ᠠ ᠠᠮᠢᠵᠢᠷᠠᠯ ᠤᠨ ᠬᠦᠴᠦᠨ ᠨᠡᠮᠡᠷᠢᠯᠡᠬᠦ ᠨᠢ ᠳᠠᠮᠵᠢᠭ ᠦᠭᠡᠢ᠃ ︽ᠪᠢᠳᠡ ᠵᠠᠰᠠᠭᠳᠤ ᠬᠤᠨᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠠᠵᠢᠯ ᠢ ᠦᠷᠭᠦᠯᠵᠢᠯᠡᠨ ᠰᠠᠶᠢᠳᠦᠷ ᠬᠢᠵᠦ᠂ ᠵᠠᠰᠠᠭᠳᠤ ᠬᠤᠨᠢ ᠶᠢᠨ ᠡᠭᠦᠯᠳᠡᠷ ᠢ ᠬᠠᠮᠠᠭᠠᠯᠠᠬᠤ ᠲᠠᠯᠠᠪᠠᠢ ᠪᠠ ᠡᠭᠦᠯᠳᠡᠷ ᠪᠤᠶᠢᠵᠢᠭᠤᠯᠬᠤ ᠲᠠᠯᠠᠪᠠᠢ ᠶᠢ ᠱᠠᠯᠠᠪᠳᠠᠨ ᠪᠠᠶᠢᠭᠤᠯᠵᠤ ᠲᠡᠭᠦᠯᠳᠡᠷᠵᠢᠭᠦᠯᠤᠨ᠎ᠠ᠃ ᠡᠭᠦᠨ ᠤ ᠬᠠᠮᠳᠤ ᠵᠠᠰᠠᠭᠳᠤ ᠬᠤᠨᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠵᠠᠰᠠᠭᠳᠤ ᠬᠤᠨᠢ ᠶᠢᠨ ᠮᠢᠬ᠎ᠠ ᠶᠢᠨ ᠦᠢᠯᠡᠳᠪᠤᠷᠢᠯᠡᠯ ᠤᠨ ᠰᠠᠭᠤᠷᠢᠨ ᠢ ᠪᠦᠳᠦᠬᠡᠨ ᠪᠠᠶᠢᠭᠤᠯᠵᠤ᠂ ᠵᠠᠰᠠᠭᠳᠤ ᠬᠤᠨᠢ ᠶᠢᠨ ᠮᠢᠬ᠎ᠠ ᠶᠢᠨ ᠲᠦᠷᠦᠯ ᠲᠡᠮᠳᠡᠭ ᠢ ᠡᠭᠦᠳᠤᠨ᠂ ︿ᠡᠭᠦᠯᠳᠡᠷ ᠪᠤᠶᠢᠵᠢᠭᠤᠯᠬᠤ᠂ ᠮᠠᠯᠵᠢᠨ ᠲᠡᠵᠢᠭᠡᠬᠦ ᠂ ᠨᠢᠳᠤᠯᠬᠤ᠂ ᠡᠳ᠋ᠰᠢᠭᠦᠯᠦᠨ ᠪᠤᠯᠪᠠᠰᠤᠷᠠᠭᠤᠯᠬᠤ᠂ ᠪᠤᠷᠤᠯᠠᠭᠤᠯᠬᠤ﹀ ᠵᠡᠷᠭᠡ ᠤᠯᠠᠨ ᠭᠤᠭᠴᠤᠭ᠎ᠠ ᠶᠢ ᠬᠠᠮᠤᠷᠤᠭᠰᠠᠨ ᠦᠢᠯᠡᠳᠪᠤᠷᠢᠯᠡᠯ ᠪᠤᠷᠤᠯᠠᠭᠤᠯᠭ᠎ᠠ ᠶᠢ ᠨᠢᠭᠡ ᠴᠤᠭᠴᠠᠵᠢᠭᠤᠯᠤᠭᠰᠠᠨ ᠰᠢᠰᠲ᠋ᠧᠮ ᠢ ᠪᠠᠶᠢᠭᠤᠯᠵᠤ᠂ ᠵᠠᠰᠠᠭᠳᠤ ᠬᠤᠨᠢ ᠶᠢ ᠬᠢᠩᠭᠠᠨ ᠠᠶᠢᠮᠠᠭ ᠤᠨ ᠬᠤᠨᠢᠨ ᠮᠢᠬ᠎ᠠ ᠶᠢᠨ ᠨᠡᠷᠡᠳᠦ ᠲᠡᠮᠳᠡᠭ ᠪᠤᠯᠭᠠᠨ ᠴᠤᠭᠴᠠᠯᠠᠨ᠎ᠠ︾ ᠭᠡᠵᠦ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ ᠶᠢᠨ ᠳᠠᠷᠤᠭ᠎ᠠ ᠯᠢ ᠵᠧᠨ ᠯᠢᠨ ᠶᠠᠷᠢᠵᠤ ᠪᠠᠶᠢᠯ᠎ᠠ᠃           ︵︽ᠦᠪᠤᠷ ᠮᠤᠩᠭᠤᠯ ᠤᠨ ᠡᠳᠤᠷ ᠤᠨ ᠰᠤᠨᠢᠨ︾᠎ ᠠᠴᠠ ᠰᠢᠯᠵᠢᠬᠦᠯᠪᠡ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号