| | ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠃ ᠰᠢᠨ᠎ᠡ ᠵᠢᠯ ᠤᠨ ᠡᠬᠢᠨ | ᠳᠤ᠂ ᠵᠠᠯᠠᠶᠢᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ︽ᠵᠢᠷᠭᠤᠭᠠᠨ ᠠᠵᠢᠯᠯᠠᠭ᠎ᠠ︾ ᠶᠢᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠤᠷ᠎ᠠ | ᠴᠢᠳᠠᠪᠤᠷᠢ ᠶᠢᠨ ᠪᠣᠯᠪᠠᠰᠤᠷᠠᠯ ᠢᠶᠠᠷ ᠭᠠᠷᠳᠠᠴᠠ ᠪᠣᠯᠭᠠᠵᠤ᠂ ᠠᠵᠢᠯ ᠣᠯᠭᠤᠵᠤ ᠦᠢᠯᠡᠰ ᠪᠤᠰᠬᠠᠬᠤ ᠠᠵᠢᠯ ᠢ ᠪᠦᠬᠦ | ᠬᠦᠴᠦᠨ ᠢᠶᠠᠷ ᠢᠶᠠᠨ ᠠᠬᠢᠭᠤᠯᠵᠤ ᠪᠤᠢ᠃ ᠰᠤᠷᠪᠤᠯᠵᠢᠯᠠᠭᠴᠢ 2025 ᠣᠨ ᠤ ᠠᠩᠬᠠᠳᠠᠭᠴᠢ ᠬᠤᠭᠤᠴᠠᠭᠠᠨ ᠤ | ᠣᠷᠣᠨ ᠨᠤᠲᠤᠭ ᠤᠨ ᠣᠨᠴᠠᠯᠢᠭᠲᠤ ᠢᠳᠡᠭᠡᠨ ᠤᠶᠢᠯᠡᠳᠬᠦ ᠪᠣᠯᠪᠠᠰᠤᠷᠠᠯ ᠤᠨ ᠠᠩᠭᠢ ᠳᠤ ᠤᠷᠤᠯᠴᠠᠵᠤ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢᠶᠠᠷ ᠣᠯᠠᠨ ᠲᠦᠮᠡᠨ ᠤ ︽ᠲᠣᠭᠲᠠᠭᠤᠨ ᠵᠣᠯ ᠵᠢᠷᠭᠠᠯ︾ ᠢ | ᠪᠠᠳᠤᠯᠠᠵᠤ ᠪᠠᠶᠢᠭ᠎ᠠ ᠶᠢ ᠰᠡᠳᠭᠢᠯ ᠢᠶᠠᠷ ᠢᠶᠠᠨ ᠮᠡᠳᠡᠷᠡᠪᠡ᠃ | 2025 ᠣᠨ ᠤ ᠠᠩᠬᠠᠳᠤᠭᠠᠷ ᠬᠤᠭᠤᠴᠠᠭᠠᠨ ᠤ ᠣᠷᠣᠨ ᠨᠤᠲᠤᠭ ᠤᠨ ᠤᠨᠴᠠᠯᠢᠭᠳᠤ ᠢᠳᠡᠭᠡᠨ ᠤᠶᠢᠯᠡᠳᠬᠦ | ᠪᠣᠯᠪᠠᠰᠤᠷᠠᠯ ᠤᠨ ᠠᠩᠭᠢ ᠳᠤ ᠨᠡᠶᠢᠲᠡ 39 ᠰᠤᠷᠤᠭᠴᠢ ᠣᠷᠣᠯᠴᠠᠵᠠᠶ᠃ ᠪᠣᠯᠪᠠᠰᠤᠷᠠᠯ ᠨᠢ ᠨᠢᠭᠡ ᠭᠠᠷᠠᠭ ᠶᠠᠪᠤᠭᠳᠠᠵᠤ | ᠂ ᠤᠨᠤᠯ ᠤᠨ ᠮᠡᠳᠡᠯᠭᠡ ᠪᠣᠯᠤᠨ ᠦᠢᠯᠡᠳᠦᠯᠭᠡ ᠶᠢᠨ ᠤᠷ᠎ᠠ ᠮᠡᠷᠭᠡᠵᠢᠯ ᠢ ᠤᠶᠠᠯᠳᠤᠭᠤᠯᠬᠤ ᠠᠷᠭ᠎ᠠ ᠪᠠᠷ | ᠶᠠᠪᠤᠭᠳᠠᠭᠤᠯᠵᠠᠢ᠃ ᠪᠣᠯᠪᠠᠰᠤᠷᠠᠯ ᠤᠨ ᠳᠤᠮᠳᠠ᠂ ᠰᠤᠷᠤᠭᠴᠢᠳ ᠤᠨᠴᠠᠯᠢᠬᠳᠤ ᠢᠳᠡᠭᠡᠨ ᠦᠢᠯᠡᠳᠬᠦ ᠶᠠᠪᠤᠴᠠ᠂ | ᠭᠤᠣᠯ ᠰᠡᠳᠦᠪ ᠢ ᠨᠠᠷᠢᠨ ᠣᠶᠢᠯᠠᠭᠠᠪᠠ᠃ ᠲᠤᠰᠬᠠᠶ ᠮᠡᠷᠭᠡᠵᠢᠯ ᠤᠨ ᠪᠠᠭᠰᠢ ᠶᠢᠨ ᠨᠠᠷᠢᠨ ᠨᠢᠮᠪᠠᠶ ᠵᠢᠯᠣᠭᠤᠳᠣᠯᠭ᠎ᠠ | ᠳᠣᠤᠷ᠎ᠠ᠂ ᠲᠡᠳᠡ ᠦᠪᠡᠷ ᠢᠶᠠᠨ ᠭᠠᠷ ᠬᠥᠳᠡᠯᠦᠨ ᠦᠢᠯᠡᠳᠦᠯᠭᠡᠵᠢᠭᠦᠯᠵᠦ᠂ ᠢᠳᠡᠭᠡᠨ ᠤ ᠮᠠᠲ᠋ᠧᠷᠢᠶᠠᠯ ᠢ ᠨᠠᠷᠢᠯᠢᠭ | ᠰᠣᠩᠭᠤᠨ ᠰᠢᠢᠳᠪᠦᠷᠢᠯᠡᠬᠦ ᠠᠴᠠ ᠭᠤᠯᠢᠷ ᠨᠤᠬᠤᠬᠤ᠂ ᠰᠢᠶᠠᠨᠰᠠ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ | ᠬᠦᠷᠳᠡᠯ᠎ᠠ ᠬᠤᠭᠤᠯᠠ ᠵᠠᠭᠤᠰᠢ ᠬᠢᠬᠦ ᠭᠠᠯ ᠤᠨ ᠬᠦᠭ ᠢ ᠡᠵᠡᠮᠰᠢᠬᠦ ᠬᠦᠷᠲᠡᠯ᠎ᠡ᠂ ᠠᠯᠬᠤᠮ ᠳᠠᠷᠠᠭ᠎ᠠ ᠨᠢᠭᠡᠪᠦᠷᠢ ᠶᠢ | ᠴᠥᠮ ᠨᠠᠷᠢᠨ ᠨᠢᠮᠪᠠᠶ ᠰᠤᠷᠴᠤ᠂ ᠡᠨᠡ ᠬᠦ ᠬᠥᠳᠡᠯᠮᠦᠷᠢ ᠶᠢᠨ ᠤᠷ᠎ᠠ ᠴᠢᠳᠠᠪᠤᠷᠢ ᠶᠢ ᠡᠷᠲᠡᠬᠡᠨ ᠡᠵᠡᠮᠰᠢᠬᠦ ᠪᠠᠷ | ᠴᠢᠷᠮᠠᠶᠢᠨ᠎ᠠ᠃ | ︽ ᠪᠢᠳᠡ 2025 ᠣᠨ ᠳᠤ 800 ᠭᠠᠷᠤᠢ ᠬᠥᠮᠦᠨ ᠳᠤ ᠪᠣᠯᠪᠠᠰᠤᠷᠠᠯ ᠬᠦᠷᠳᠡᠭᠡᠵᠤ᠂ ᠠᠵᠢᠯ | ᠣᠯᠭᠤᠯᠲᠠ ᠶᠢᠨ ᠨᠣᠷᠮ᠎ᠠ ᠶᠢ 40% ~ 50% ᠣᠷᠴᠢᠮ ᠬᠦᠷᠭᠡᠨ᠎ᠠ︾ ᠭᠡᠵᠤ 2025 ᠣᠨ ᠤ ᠠᠩᠬᠠᠳᠤᠭᠠᠷ | ᠬᠤᠭᠤᠴᠠᠭᠠᠨ ᠤ ᠣᠷᠣᠨ ᠨᠤᠲᠤᠭ ᠤᠨ ᠣᠨᠴᠠᠯᠢᠭᠲᠤ ᠢᠳᠡᠭᠡᠨ ᠦᠢᠯᠡᠳᠬᠦ ᠪᠣᠯᠪᠠᠰᠤᠷᠠᠯ ᠤᠨ ᠠᠩᠭᠢ ᠶᠢᠨ ᠪᠠᠭᠰᠢ | ᠵᠠᠩ ᠰᠢ ᠷᠦᠩ ᠬᠡᠯᠡᠪᠡ᠃ | ᠠᠩᠬᠠᠳᠤᠭᠠᠷ ᠬᠤᠭᠤᠴᠠᠭᠠᠨ ᠤ ᠣᠷᠣᠨ ᠨᠤᠲᠤᠭ ᠤᠨ ᠤᠨᠴᠠᠯᠢᠭᠳᠤ ᠢᠳᠡᠭᠡᠨ ᠤᠶᠢᠯᠡᠳᠬᠦ ᠪᠣᠯᠪᠠᠰᠤᠷᠠᠯ ᠤᠨ | ᠠᠩᠭᠢ ᠠᠴᠠ ᠭᠠᠳᠠᠨ᠎ᠠ᠂ ᠵᠠᠯᠠᠶᠢᠳ ᠬᠤᠰᠢᠭᠤ ᠪᠠᠰᠠ ᠡᠪᠡᠳᠴᠢᠲᠡᠨ ᠢ ᠠᠰᠠᠷᠠᠬᠤ ᠪᠠ ᠡᠬᠡ ᠨᠢᠯᠬᠠᠰ ᠤᠨ ᠰᠤᠪᠢᠯᠠᠯᠲᠠ | ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠩᠭᠢ ᠵᠡᠷᠭᠡ ᠣᠯᠠᠨ ᠶᠠᠩᠵᠤ ᠶᠢᠨ ᠪᠣᠯᠪᠠᠰᠤᠷᠠᠯ ᠤᠨ ᠠᠩᠭᠢ | ᠭᠠᠷᠭᠠᠵᠤ᠂ ᠠᠳᠠᠯᠢ ᠪᠤᠰᠤ ᠬᠥᠮᠦᠰ ᠤᠨ ᠠᠵᠢᠯ ᠤᠯᠬᠤ ᠬᠡᠷᠡᠭᠴᠡᠭᠡ ᠶᠢ ᠬᠠᠩᠭᠠᠵᠤ ᠪᠤᠢ᠃ ᠡᠭᠦᠨ ᠤ ᠬᠠᠮᠲᠤ ᠠᠵᠤ | ᠠᠬᠤᠶᠢᠯᠠᠯ ᠯᠤᠭ᠎ᠠ ᠵᠣᠯᠭᠠᠭᠤᠯᠬᠤ ᠪᠠᠨ ᠴᠢᠩᠭᠠᠳᠬᠠᠵᠤ᠂ ᠪᠤᠯᠪᠠᠰᠤᠷᠠᠯ ᠬᠦᠷᠳᠡᠭᠰᠡᠳ ᠲᠤ ᠨᠠᠩ ᠣᠯᠠᠨ ᠠᠵᠢᠯ | ᠣᠯᠭᠤᠬᠤ ᠲᠣᠬᠢᠶᠠᠯ ᠣᠯᠭᠤᠵᠤ᠂ ᠪᠤᠯᠪᠠᠰᠤᠷᠠᠯ ᠬᠦᠷᠳᠡᠭᠰᠡᠳ ᠤᠨ ᠲᠣᠭᠲᠠᠭᠤᠨ ᠢᠶᠠᠷ ᠠᠵᠢᠯ ᠤᠯᠬᠤ ᠶᠢ | ᠪᠡᠶᠡᠯᠡᠭᠦᠯᠬᠦ ᠳᠤ ᠬᠦᠴᠦᠨ ᠨᠡᠮᠡᠷᠢᠯᠡᠵᠤ ᠪᠤᠢ᠃ |