ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠷᠠᠳ ᠤᠯᠠᠨ ᠤ ᠡᠷᠡᠬᠦᠯ ᠡᠩᠬᠡ ᠶᠢᠨ ᠡᠯᠴᠢ
ᠨᠡᠶᠢᠲᠡᠯᠡᠭᠰᠡᠨ ᠴᠠᠭ᠄
2025/2/17
      ᠪᠠᠶᠠᠷ ᠬᠦᠷ ᠲᠠᠢ ᠦᠯᠵᠠᠢ ᠪᠡᠯᠭᠡ ᠲᠠᠢ ᠰᠢᠨ᠎ᠠ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ᠂ ᠶᠡᠷᠤ ᠨᠢ ᠨᠢᠭᠡ ᠪᠦᠯᠦᠭ ᠬᠥᠮᠦᠨ ᠢᠮᠠᠭᠲᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠴᠠᠭᠠᠨ ᠭᠦᠷᠮ᠎ᠠ ᠡᠮᠤᠰᠤᠨ᠂ ᠦᠷᠯᠤᠭᠡ ᠦᠳᠡᠰᠢ ᠦᠭᠡᠢ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠮᠠᠭᠠᠯᠠᠵᠤ᠂ ᠡᠪᠡᠳᠴᠢᠳᠠᠨ ᠳᠤ ᠬᠠᠶᠢᠷ᠎ᠠ ᠬᠠᠯᠠᠮᠵᠢ ᠬᠦᠷᠳᠡᠭᠡᠳᠡᠭ᠂  ᠡᠨᠡ ᠬᠦᠮᠤᠨ ᠪᠤᠯ ᠲᠠᠷᠤᠢ ᠡᠷᠡᠬᠦᠯ ᠡᠩᠬᠡ ᠶᠢᠨ ᠡᠯᠴᠢ — ᠡᠮᠴᠢ ᠰᠤᠪᠢᠯᠠᠭᠴᠢᠳ ᠪᠤᠯᠤᠨ᠎ᠠ᠃ ︽ᠰᠢᠨ᠎ᠡ ᠵᠢᠯ ᠴᠠᠭᠠᠨ ᠰᠠᠷ᠎ᠠ ᠦᠨᠳᠦᠰᠦᠨ ᠱᠠᠳᠤ ᠪᠠᠷ ᠭᠦᠨᠵᠡᠭᠡᠶᠢᠷᠡᠬᠦ︾ ᠡᠳᠡᠭᠡᠷ ᠰᠤᠷᠪᠤᠯᠵᠢᠯᠠᠭᠴᠢ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠᠷ ᠬᠦᠷᠴᠦ᠂ ᠵᠢᠷᠦᠬᠡ ᠴᠢᠰᠤᠨ ᠰᠤᠳᠠᠯ ᠤᠨ ᠳᠣᠲᠣᠷ ᠰᠠᠯᠠᠭ᠎ᠠ᠂ ᠰᠢᠬᠢᠷ ᠰᠢᠵᠢᠩ ᠡᠪᠡᠳᠴᠢᠨ ᠤ ᠲᠤᠰᠬᠠᠶ ᠰᠠᠯᠠᠭ᠎ᠠ ᠶᠢᠨ ᠰᠤᠪᠢᠯᠠᠭᠴᠢᠳ ᠤᠨ ᠲᠠᠷᠤᠭ᠎ᠠ ᠶᠢᠨ ᠬᠤᠩ ᠶᠠᠨ ᠤ ᠰᠤᠪᠢᠯᠠᠯᠳᠠ ᠶᠢᠨ ᠠᠵᠢᠯ ᠤᠨ ᠲᠤᠬᠠᠢ ᠰᠤᠷᠪᠤᠯᠵᠢᠯᠠᠭ᠎ᠠ ᠠᠪᠤᠯ᠎ᠠ ᠃   ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠵᠢᠷᠦᠬᠡ ᠴᠢᠰᠤᠨ ᠰᠤᠳᠠᠯ ᠤᠨ ᠳᠣᠲᠣᠷ ᠰᠠᠯᠠᠭ᠎ᠠ᠂ ᠰᠢᠬᠢᠷ ᠰᠢᠵᠢᠩ ᠡᠪᠡᠳᠴᠢᠨ ᠤ ᠲᠤᠰᠬᠠᠶ ᠰᠠᠯᠠᠭ᠎ᠠ ᠶᠢᠨ ᠰᠤᠪᠢᠯᠠᠭᠴᠢᠳ ᠤᠨ ᠳᠠᠷᠤᠭ᠎ᠠ ᠶᠢᠨ ᠶᠠᠨ ᠬᠤᠩ  ᠳᠤ ᠠᠪᠴᠤ ᠬᠡᠯᠡᠪᠡᠯ᠂ ᠴᠠᠭᠠᠨ ᠰᠠᠷ᠎ᠠ ᠪᠣᠯ ᠵᠥᠪᠬᠡᠨ ᠨᠢᠭᠡ ᠵᠢᠯ ᠤᠨ ᠡᠩ ᠤᠨ ᠠᠵᠢᠯ ᠤᠨ ᠡᠳᠦᠷ ᠪᠣᠯᠤᠨ᠎ᠠ᠂ ᠠᠵᠢᠯ ᠤᠨ ᠪᠠᠶᠢᠷᠢ ᠳᠠᠭᠠᠨ ᠢᠷᠡᠭᠰᠡᠨ ᠤ ᠲᠠᠷᠠᠭ᠎ᠠ᠂ ᠲᠡᠷᠡ ᠪᠠᠷ ᠶᠠᠭᠠᠷᠠᠯᠳᠠᠢ ᠪᠥᠭᠡᠳ ᠡᠮᠬᠢ ᠵᠢᠷᠤᠮ ᠲᠠᠢ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃      ︽ᠮᠢᠨᠤ ᠡᠳᠦᠷ ᠪᠦᠷᠢ ᠶᠢᠨ ᠠᠵᠢᠯ ᠪᠣᠯ ᠳᠠᠷᠤᠶ ᠡᠪᠡᠳᠴᠢᠳᠡᠨ ᠤ ᠦᠷᠤᠭᠡ ᠶᠢ ᠪᠠᠶᠢᠴᠠᠭᠠᠬᠤ᠂ ᠡᠮ ᠰᠣᠯᠢᠬᠤ ᠂ ᠡᠪᠡᠳᠴᠢᠲᠡᠨ ᠤ ᠡᠪᠡᠳᠴᠢᠨ ᠤ ᠪᠠᠶᠢᠳᠠᠯ ᠢ ᠠᠵᠢᠭᠯᠠᠵᠤ᠂ ᠡᠪᠡᠳᠴᠢᠲᠡᠨ ᠳᠤ ᠠᠮᠢᠳᠤᠷᠠᠯ ᠤᠨ ᠬᠠᠷᠠᠭᠠᠯᠵᠠᠯ ᠦᠵᠡᠬᠦᠯᠬᠦ ᠶᠠᠪᠤᠳᠠᠯ ᠪᠣᠯᠤᠨ᠎ᠠ᠃ ᠬᠡᠳᠦ᠋ᠢᠪᠡᠷ ᠴᠠᠭᠠᠨ ᠰᠠᠷ᠎ᠠ ᠶᠢᠨ ᠬᠤᠭᠤᠴᠠᠭᠠᠨ ᠳᠤ ᠪᠦᠭᠦᠳᠡᠭᠡᠷ ᠢᠶᠠᠨ ᠨᠠᠶᠢᠷᠯᠠᠯᠳᠤᠨ ᠴᠤᠭᠯᠠᠷᠠᠵᠤ ᠪᠠᠶᠢᠬᠤ ᠦᠶ᠎ᠡ ᠳᠤ᠂ ᠪᠢᠳᠡ ᠭᠡᠷ ᠲᠡᠭᠡᠨ ᠬᠠᠷᠢᠵᠤ ᠭᠡᠷ ᠤᠨ ᠬᠥᠮᠦᠰ ᠲᠡᠭᠡᠨ ᠬᠠᠨᠢ ᠪᠤᠯᠵᠤ ᠴᠢᠳᠠᠬᠤ ᠦᠭᠡᠢ ᠪᠤᠯᠪᠠᠴᠤ ᠡᠪᠡᠳᠴᠢᠲᠡᠨ ᠤ ᠡᠪᠡᠳᠴᠢᠨ ᠡᠮᠭᠡᠭ ᠢ ᠠᠷᠢᠯᠭᠠᠵᠤ᠂ ᠲᠡᠳᠡᠨ ᠳᠤ ᠴᠢᠨᠠᠷ ᠰᠠᠶᠢᠲᠠᠶ ᠰᠤᠪᠢᠯᠠᠯᠲᠠ ᠶᠢᠨ ᠦᠢᠯᠡᠴᠢᠯᠡᠭᠡ ᠬᠠᠩᠭᠠᠭᠰᠠᠨ ᠳᠠᠭᠠᠨ ᠪᠢ ᠮᠠᠰᠢ ᠣᠮᠣᠭᠰᠢᠵᠤ ᠪᠠᠶᠢᠨ᠎ᠠ︾ ᠭᠡᠵᠦ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠵᠢᠷᠦᠬᠡ ᠴᠢᠰᠤᠨ ᠰᠤᠳᠠᠯ ᠤᠨ ᠳᠣᠲᠣᠷ ᠰᠠᠯᠠᠭᠠᠨ ᠤ ᠰᠤᠪᠢᠯᠠᠭᠴᠢᠳ ᠤᠨ ᠲᠠᠷᠤᠭ᠎ᠠ ᠶᠢᠨ ᠶᠠᠨ ᠬᠤᠩ ᠬᠡᠯᠡᠵᠠᠢ᠃  2008 ᠤᠨ ᠳᠤ ᠰᠤᠪᠢᠯᠠᠯᠳᠠ ᠶᠢᠨ ᠠᠵᠢᠯ ᠤᠨ ᠪᠠᠶᠢᠷᠢᠨ ᠳᠤ ᠭᠠᠷᠤᠭᠰᠠᠨ ᠠᠴᠠ ᠡᠬᠢᠯᠡᠨ᠂ ᠶᠢᠨ ᠶᠠᠨ ᠬᠤᠩ ᠠᠯᠬᠤᠮ ᠠᠯᠬᠤᠮ ᠢᠶᠠᠷ ᠨᠢᠬᠡᠲᠤᠬᠡᠷ ᠹᠠᠷᠤᠨᠲ ᠳᠤ ᠥᠪᠡᠷ ᠢ ᠪᠠᠨ ᠲᠠᠰᠤᠷᠠᠯᠲᠠ ᠦᠭᠡᠢ ᠲᠠᠪᠲᠠᠨ ᠪᠤᠯᠪᠠᠰᠤᠷᠠᠭᠤᠯᠵᠤ᠂  ᠡᠪᠡᠳᠴᠢᠳᠡᠨ ᠳᠤ ᠲᠦᠬᠦᠮ ᠲᠦᠳᠡ᠂ ᠲᠠᠭᠠᠯᠠᠮᠵᠢᠳᠠᠢ᠂ ᠦᠪᠡᠷᠮᠢᠴᠡ ᠤᠶᠢᠯᠡᠴᠢᠯᠡᠭᠡ ᠬᠠᠩᠭᠠᠵᠤ᠂ ᠦᠪᠡᠷ ᠤᠨ ᠪᠤᠲᠠᠲᠤ ᠠᠵᠢᠯᠯᠠᠭ᠎ᠠ ᠪᠠᠷ ᠢᠶᠠᠨ ᠰᠤᠪᠢᠯᠠᠯᠳᠠ ᠶᠢᠨ ᠦᠢᠯᠡᠰ ᠤᠨ ᠲᠤᠬᠠᠢ ᠬᠠᠶᠢᠷ᠎ᠠ ᠰᠡᠳᠭᠢᠯᠬᠡ ᠪᠠᠨ ᠲᠠᠶᠢᠯᠪᠤᠷᠢᠯᠠᠵᠤ᠂ ᠶᠠᠭ ᠡᠨᠡᠬᠦ  ︽  ᠠᠮᠢ ᠨᠠᠰᠤ ᠶᠢ ᠬᠠᠮᠠᠭᠠᠯᠠᠬᠤ︾ ᠢᠲᠡᠬᠡᠯ ᠵᠤᠷᠢᠭ ᠨᠢ ᠡᠪᠡᠳᠴᠢᠳᠡᠳ ᠲᠤ ᠬᠠᠶᠢᠷ᠎ᠠ ᠬᠠᠯᠠᠮᠵᠢ ᠬᠦᠷᠳᠡᠭᠡᠵᠤ᠂ ᠬᠠᠮᠲᠤ ᠠᠵᠢᠯᠯᠠᠭᠰᠠᠳ ᠲᠠᠭᠠᠨ ᠦᠯᠢᠭᠡᠷ ᠲᠠᠭᠤᠷᠢᠶᠠᠯ ᠪᠤᠯᠤᠭᠰᠠᠨ ᠪᠠᠶᠢᠨ᠎ᠠ᠃    ︽ᠴᠠᠭᠠᠨ ᠰᠠᠷ᠎ᠠ ᠪᠣᠯ ᠪᠦᠬᠦᠳᠡᠭᠡᠷ ᠢᠶᠠᠨ ᠨᠠᠶᠢᠷᠯᠠᠯᠳᠤᠨ ᠴᠤᠭᠯᠠᠷᠠᠬᠤ ᠴᠠᠭ ᠮᠥᠴᠡ ᠪᠣᠯᠪᠠᠴᠤ ᠡᠮᠴᠢ ᠰᠤᠪᠢᠯᠠᠭᠴᠢᠳ ᠬᠠᠷᠢᠨ ᠨᠢᠭᠡᠳᠦᠭᠡᠷ ᠹᠷᠣᠨᠲ ᠢᠶᠠᠨ ᠪᠠᠲᠤ ᠰᠠᠬᠢᠵᠤ᠂ ᠮᠠᠨ ᠤ ᠡᠪᠡᠳᠴᠢᠲᠡᠨ ᠤ ᠠᠮᠢ ᠨᠠᠰᠤ ᠡᠷᠡᠭᠦᠯ ᠮᠡᠨᠳᠦ ᠶᠢ ᠰᠠᠬᠢᠨ ᠬᠠᠮᠠᠭᠠᠯᠠᠬᠤ ᠶᠢᠨ ᠲᠦᠯᠦᠭᠡ ᠲᠦᠢᠯ ᠤᠨ ᠶᠠᠳᠠᠷᠠᠯ ᠵᠦᠳᠡᠷᠡᠯᠲᠡᠶ ᠰᠠᠨᠠᠭᠳᠠᠵᠤ ᠪᠠᠶᠢᠨ᠎ᠠ︾ ᠭᠡᠵᠤ ᠡᠪᠡᠳᠴᠢᠲᠡᠨ ᠤ ᠭᠡᠷ ᠤᠨ ᠬᠢᠨ ᠪᠦᠦ ᠠᠪᠠᠭ᠋ᠠᠶ ᠬᠡᠯᠡᠵᠠᠢ᠃     ︽ᠡᠨᠡᠬᠦ 17 ᠵᠢᠯ ᠤᠨ ᠰᠤᠪᠢᠯᠠᠯᠲᠠ ᠶᠢᠨ ᠠᠮᠢᠳᠤᠷᠠᠯ ᠢᠶᠠᠨ ᠡᠷᠭᠢᠴᠡᠭᠦᠯᠬᠦ ᠳᠤ᠂ ᠰᠦᠨᠢᠵᠢᠨ ᠵᠢᠵᠢᠭᠦᠷᠯᠡᠵᠦ  ᠶᠠᠳᠠᠷᠠᠭᠰᠠᠨ ᠴᠤ ᠡᠪᠡᠳᠴᠢᠲᠡᠨ ᠤ ᠡ᠊ᠨᠳᠡᠬᠦᠷᠠᠯ ᠪᠠ ᠭᠤᠮᠣᠳᠠᠯ ᠲᠠᠢ ᠴᠤ᠂ ᠡᠪᠡᠳᠴᠢᠲᠡᠨ ᠡᠷᠡᠭᠦᠯᠵᠢᠵᠦ ᠡᠮᠨᠡᠯᠭᠡ ᠠᠴᠠ ᠭᠠᠷᠬᠤ ᠦᠶ᠎ᠡ ᠶᠢᠨ ᠢᠨᠢᠶᠡᠮᠰᠦᠭᠯᠡᠯ ᠨᠢ ᠰᠤᠪᠢᠯᠠᠭᠴᠢ ᠪᠤᠯᠤᠭᠰᠠᠨ ᠮᠠᠨᠤᠰ ᠲᠤ ᠮᠠᠰᠢ ᠶᠡᠭᠡ ᠬᠥᠳᠡᠯᠭᠡᠬᠦ ᠬᠦᠴᠦᠨ ᠪᠤᠯᠬᠤ ᠶᠤᠮ ᠃ ᠲᠠᠷᠠᠭᠠᠴᠢ ᠪᠠᠷ᠂ ᠪᠢ ᠪᠠᠰᠠ ᠰᠤᠪᠢᠯᠠᠯᠲᠠ ᠶᠢᠨ ᠠᠵᠢᠯ ᠤᠨ ᠪᠠᠶᠢᠷᠢ ᠳᠡᠭᠡᠷ᠎ᠡ ᠪᠠᠨ ᠦᠷᠭᠦᠯᠵᠢᠯᠡᠨ ᠡᠪᠡᠳᠴᠢᠲᠡᠨ ᠳᠤ ᠨᠠᠩ ᠰᠠᠶᠢᠨ ᠦᠢᠯᠡᠴᠢᠯᠡᠨ᠎ᠠ︾ ᠭᠡᠵᠦ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠵᠢᠷᠦᠬᠡ ᠴᠢᠰᠤᠨ ᠰᠤᠳᠠᠯ ᠤᠨ ᠳᠣᠲᠣᠷ ᠰᠠᠯᠠᠭᠠᠨ ᠤ ᠰᠤᠪᠢᠯᠠᠭᠴᠢᠳ ᠤᠨ ᠳᠠᠷᠤᠭ᠎ᠠ ᠶᠢᠨ ᠶᠠᠨ ᠬᠤᠩ ᠬᠡᠯᠡᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号