ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠵᠢᠭᠠᠨ ᠰᠤᠷᠭᠠᠯᠲᠠ ᠶᠢᠨ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠪᠣᠯᠤᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/2/18
          2 ᠰᠠᠷ᠎ᠠ ᠶᠢᠨ 17 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠲᠠᠶᠢᠴᠢᠯᠡᠨ ᠲᠠᠭᠠᠭᠤᠯᠬᠤ ᠪᠠᠶᠢᠴᠠᠭᠠᠨ ᠰᠤᠳᠤᠯᠬᠤ ᠳᠤᠭᠤᠶᠢᠯᠠᠩ ᠢ ᠦᠷᠭᠦᠯᠵᠢᠯᠡᠨ ᠲᠠᠭᠠᠭᠤᠯᠤᠨ ᠬᠡᠰᠡᠭ ᠰᠤᠷᠭᠠᠭᠤᠯᠢ᠂ ᠰᠢᠩ ᠼᠠᠢ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠪᠠ ᠴᠤᠤᠯ ᠨᠡᠶᠢᠭᠡᠮ ᠲᠣᠭᠤᠷᠢᠭ ᠤᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠢᠶᠠᠷ ᠭᠦᠨᠵᠡᠭᠡᠶᠢᠷᠡᠨ ᠵᠢᠭᠠᠨ ᠰᠤᠷᠭᠠᠯᠲᠠ ᠶᠢᠨ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠪᠠ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠲᠥᠪᠯᠡᠷᠡᠭᠦᠯᠦᠨ ᠪᠠᠶᠢᠴᠠᠭᠠᠨ ᠰᠤᠳᠤᠯᠤᠯᠲᠠ ᠬᠢᠵᠦ᠂ ᠬᠤᠯᠪᠣᠭᠳᠠᠯ ᠪᠥᠬᠦᠶ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃     ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠬᠥᠭᠵᠢᠯᠲᠡ ᠶᠢ ᠳᠡᠭᠡᠭᠰᠢᠯᠡᠭᠦᠯᠬᠦ ᠶᠢ ᠰᠤᠷᠭᠠᠭᠤᠯᠢ ᠶᠢᠨ ᠭᠤᠣᠯ ᠬᠠᠷᠢᠭᠤᠴᠠᠯᠭ᠎ᠠ ᠭᠤᠣᠯ ᠠᠵᠢᠯ ᠪᠣᠯᠭᠠᠨ ᠠᠳᠬᠤᠬᠤ ᠶᠢ ᠪᠠᠷᠢᠮᠲᠠᠯᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ︽ᠪᠦᠯᠬᠦᠮ ᠪᠠᠶᠢᠭᠤᠯᠬᠤ ᠬᠡᠯᠪᠡᠷᠢ︾ ᠪᠠᠷ ᠬᠠᠪᠰᠤᠷᠤᠨ ᠲᠡᠳᠬᠦᠬᠦ ᠪᠠᠭᠰᠢ ᠶᠢᠨ ᠦᠢᠯᠡᠳᠦᠯ ᠢ ᠪᠠᠳᠠᠷᠠᠭᠤᠯᠵᠤ᠂ ᠲᠡᠷᠢᠭᠦᠨ ᠤ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠵᠢᠴᠢ ᠰᠤᠷᠭᠠᠨ ᠬᠥᠮᠦᠵᠢᠯ ᠤᠨ ᠠᠷᠭ᠎ᠠ ᠬᠡᠯᠪᠡᠷᠢ ᠶᠢ ᠰᠤᠷᠤᠯᠴᠠᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠪᠣᠯᠪᠠᠰᠤᠷᠠᠯ ᠢ ᠲᠡᠭᠦᠯᠳᠡᠷᠵᠢᠭᠦᠯᠵᠦ᠂ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠤᠨ ᠪᠠᠶᠢᠭᠤᠯᠤᠯᠲᠠ ᠶᠢ ᠡᠭᠦᠳᠬᠦ ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠢᠳᠡᠭᠡᠨ ᠤᠮᠳᠠᠭᠠᠨ ᠤ ᠵᠠᠷᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ ᠭᠡᠵᠤ ᠴᠢᠬᠤᠯᠠᠴᠢᠯᠠᠵᠠᠢ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠵᠤ ᠲᠠᠶᠢᠴᠢᠯᠡᠨ ᠳᠠᠭᠠᠭᠤᠯᠬᠤ ᠶᠢ ᠴᠢᠩᠭᠠᠳᠬᠠᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠰᠠᠶᠢᠲᠤᠷ ᠬᠢᠵᠦ᠂ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠷᠠᠭᠤᠯᠤᠨ᠂ ᠬᠥᠳᠡᠯᠮᠦᠷᠢ ᠬᠦᠴᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠰᠢᠨ᠎ᠡ ᠶᠢ ᠡᠭᠦᠳᠴᠦ᠂ ᠬᠤᠰᠢᠭᠤ᠂ ᠰᠤᠮᠤ ᠰᠢᠶᠠᠩ ᠪᠠᠯᠭᠠᠰᠤ᠂  ᠭᠠᠴᠠᠭ᠎ᠠ ᠲᠣᠰᠬᠤᠨ ᠤ ᠡᠯ᠎ᠡ ᠱᠠᠲᠤᠨ ᠤ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠵᠢᠷᠤᠮᠵᠢᠭᠰᠠᠨ ᠪᠠᠷᠢᠮᠵᠢᠶᠠᠵᠢᠭᠰᠠᠨ ᠤᠶᠢᠯᠡᠴᠢᠯᠡᠭᠡ ᠶᠢ ᠠᠬᠢᠭᠤᠯᠤᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠠᠷᠭ᠎ᠠ ᠵᠠᠮ ᠢ ᠥᠷᠭᠡᠳᠬᠡᠨ᠂ ᠠᠵᠢᠯ ᠣᠯᠭᠤᠯᠲᠠ ᠶᠢ ᠪᠦᠲᠦᠮᠵᠢᠲᠡᠶ ᠠᠬᠢᠭᠤᠯᠵᠤ᠂ ᠣᠷᠣᠯᠭ᠎ᠠ ᠪᠠᠨ ᠨᠡᠮᠡᠭᠳᠡᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃     ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢ ᠬᠤᠤ ᠬᠠᠮᠢᠶ᠎ᠠ ᠪᠥᠬᠦᠶ ᠠᠵᠢᠯ ᠤᠨ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠬᠤᠰᠢᠭᠤᠨ ᠲᠠᠰ ᠤᠨ ᠤᠳᠤᠷᠢᠳᠤᠯᠭ᠎ᠠ ᠲᠣᠰ ᠲᠣᠰ ᠤᠨ ᠬᠤᠪᠢᠳᠠᠨ ᠬᠠᠮᠢᠶᠠᠷᠬᠤ ᠠᠵᠢᠯ ᠤᠨ ᠲᠤᠬᠠᠶ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ ᠪᠡᠶ᠎ᠡ ᠶᠢᠨ ᠡᠭᠦᠷᠭᠡ ᠴᠢᠳᠠᠪᠤᠷᠢ ᠶᠢᠨ ᠲᠤᠬᠠᠶ ᠡᠯ᠎ᠡ ᠵᠦᠢᠯ ᠤᠨ ᠠᠵᠢᠯ ᠢᠶᠠᠨ ᠥᠷᠨᠢᠭᠦᠯᠬᠦ ᠲᠤᠬᠠᠶ ᠰᠠᠨᠠᠯ ᠰᠠᠨᠠᠭᠤᠯᠭ᠎ᠠ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号