ᠪᠠᠶᠠᠨᠭᠤᠣᠯ ᠬᠠᠤᠯᠢ ᠴᠠᠭᠠᠵᠠ ᠶᠢᠨ ᠭᠠᠵᠠᠷ ︽ᠳᠥᠷᠪᠡᠨ ᠰᠠᠯᠪᠤᠷᠢ ᠨᠢᠭᠡ ᠲᠢᠩᠬᠢᠮ︾᠎ ᠤᠨ ᠬᠤᠯᠪᠤᠭᠠᠯᠠᠨ ᠬᠦᠳᠡᠯᠤᠯᠴᠡᠬᠦ ᠳᠤᠬᠳᠠᠴᠠ ᠪᠠᠷ ᠵᠦᠷᠢᠴᠡᠯ ᠵᠢᠭᠤᠷᠠᠯᠳᠤᠭᠠᠨ ᠢ ᠳᠤᠬᠢᠳᠠᠢ ᠰᠶᠢᠳᠪᠦᠷᠢᠯᠡᠵᠦ ᠪᠤᠢ
ᠨᠡᠶᠢᠲᠡᠯᠡᠭᠰᠡᠨ ᠴᠠᠭ᠄
2025/2/20
    ᠤᠶᠢᠷ᠎ᠠ ᠶᠢᠨ ᠡᠳᠦᠷ᠂ ᠵᠠᠯᠠᠶᠢᠳ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠪᠠᠶᠠᠨᠭᠤᠣᠯ ᠬᠠᠤᠯᠢ ᠴᠠᠭᠠᠵᠠ ᠶᠢᠨ ᠭᠠᠵᠠᠷ ᠨᠢ ᠪᠠᠯᠭᠠᠰᠤᠨ ᠤ ᠶᠡᠷᠦᠩᠬᠡᠶᠢᠯᠡᠨ ᠵᠠᠰᠠᠬᠤ ᠠᠯᠪᠠᠨ ᠭᠡᠷ᠂ ᠡᠯ ᠯᠦᠩ ᠱᠠᠨ ᠳᠤᠳᠤᠭᠠᠳᠦ ᠶᠢ ᠬᠠᠮᠠᠭᠠᠯᠠᠬᠤ ᠰᠠᠯᠪᠤᠷᠢ ᠵᠡᠷᠭᠡ ︽ᠳᠥᠷᠪᠡᠨ ᠰᠠᠯᠪᠤᠷᠢ ᠨᠢᠭᠡ ᠲᠢᠩᠬᠢᠮ︾ ᠎ ᠤᠨ ᠬᠤᠯᠪᠣᠭᠠᠯᠠᠨ ᠬᠦᠳᠡᠯᠤᠯᠴᠡᠬᠦ ᠳᠤᠬᠳᠠᠴᠠ ᠶᠢ ᠠᠰᠢᠬᠯᠠᠨ᠂ ᠨᠢᠭᠡᠨ ᠬᠡᠷ ᠪᠦᠯᠢ ᠶᠢᠨ ᠡᠳ᠋ ᠬᠥᠷᠥᠩᠭᠡ ᠶᠢᠨ ᠬᠤᠪᠢᠶᠠᠷᠢᠯᠠᠯ ᠵᠤᠬᠢᠰ ᠦᠭᠡᠢ ᠠᠴᠠ ᠪᠤᠯᠤᠬᠰᠠᠨ ᠵᠥᠷᠢᠴᠡᠯ ᠵᠢᠭᠤᠷᠠᠯᠳᠤᠭᠠᠨ ᠢ ᠰᠶᠢᠳᠪᠦᠷᠢᠯᠡᠪᠡ᠃    2 ᠰᠠᠷ᠎ᠠ ᠶᠢᠨ 13᠎ ᠤ ᠡᠳᠦᠷ ᠤᠨ ᠦᠳᠡ ᠶᠢᠨ ᠡᠮᠦᠨ᠎ᠡ᠂ ᠪᠠᠶᠠᠨᠭᠤᠤᠯ ᠪᠠᠯᠭᠠᠰᠤᠨ ᠤ ᠵᠢᠶᠠᠨ ᠱᠤ᠋ ᠲᠣᠰᠬᠤᠨ ᠤ ᠠᠮᠤᠷ ᠢ ᠬᠠᠮᠠᠭᠠᠯᠠᠬᠤ ᠡᠷᠬᠢᠯᠡᠭᠴᠢ ᠠᠴᠠ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠲᠤ ᠵᠤᠤ ᠤᠪᠤᠬᠳᠦ ᠠᠪᠤ ᠬᠦᠦ ᠬᠤᠶᠠᠷ ᠤᠨ ᠭᠡᠷ ᠪᠦᠯᠢ ᠶᠢᠨ ᠡᠳ᠋ ᠬᠦᠷᠦᠩᠭᠡ ᠶᠢᠨ ᠬᠤᠪᠢᠶᠠᠷᠢᠯᠠᠯ ᠵᠤᠬᠢᠰ ᠦᠭᠡᠢ ᠠᠴᠠ ᠪᠤᠯᠤᠬᠰᠠᠨ ᠵᠦᠷᠢᠴᠡᠯ ᠵᠢᠭᠤᠷᠠᠯᠳᠤᠭᠠᠨ ᠤ ᠳᠤᠬᠠᠢ ᠮᠡᠳᠡᠭᠳᠡᠪᠡ᠃ ᠪᠠᠶᠠᠨᠭᠤᠤᠯ ᠬᠠᠤᠯᠢ ᠴᠠᠭᠠᠵᠠ ᠶᠢᠨ ᠭᠠᠵᠠᠷ ︽ᠲᠦᠷᠪᠡᠨ ᠰᠠᠯᠪᠤᠷᠢ ᠨᠢᠭᠡ ᠲᠢᠩᠬᠢᠮ︾᠎ ᠤᠨ ᠬᠤᠯᠪᠤᠭᠠᠯᠠᠨ ᠬᠦᠳᠡᠯᠤᠯᠴᠡᠬᠦ ᠳᠤᠬᠳᠠᠴᠠ ᠶᠢ ᠳᠠᠷᠤᠢ ᠲᠦᠷᠭᠡᠨ ᠵᠤᠬᠢᠶᠠᠨ ᠪᠠᠶᠢᠭᠤᠯᠵᠦ᠂ ᠳᠤᠬᠠᠢ ᠶᠢᠨ ᠭᠠᠵᠠᠷ ᠢᠶᠠᠷ ᠬᠦᠷᠴᠦ ᠪᠠᠶᠢᠳᠡᠯ ᠢ ᠨᠢ ᠤᠶᠢᠯᠠᠭᠠᠪᠠ᠃    ᠤᠶᠢᠯᠠᠭᠠᠬᠰᠠᠨ ᠢᠶᠠᠷ᠂ ᠳᠤᠰᠬᠤᠨ ᠤ ᠠᠷᠠᠳ ᠵᠤᠤ ᠤᠪᠤᠬᠳᠦ ᠠᠴᠠ ᠬᠦᠦ ᠪᠠᠨ ᠨᠠᠶᠢᠳᠡᠨ ᠡᠷᠳᠡᠨᠢ ᠰᠢᠰᠢ ᠪᠠᠨ ᠬᠤᠳᠠᠯᠳᠤᠭᠤᠯᠤᠬᠰᠠᠨ ᠪᠠᠶᠢᠯ᠎ᠠ᠃ ᠭᠡᠳᠡᠯ᠎ᠠ ᠵᠤᠤ ᠤᠪᠤᠬᠳᠦ ᠶᠢᠨ ᠬᠦᠦ ᠨᠢ ᠡᠷᠳᠡᠨᠢ ᠰᠢᠰᠢ ᠪᠠᠨ ᠬᠤᠳᠠᠯᠳᠤᠭᠠᠳ ᠤᠯᠤᠬᠰᠠᠨ ᠤᠷᠤᠯᠭ᠎ᠠ ᠶᠢᠨ ᠮᠦᠡᠭᠬᠦ ᠶᠢ ᠪᠦᠬᠦᠨ ᠢ ᠬᠤᠪᠢ ᠬᠦᠮᠦᠨ ᠤ ᠤᠷᠤᠨ ᠰᠠᠭᠤᠴᠠ ᠶᠢᠨ ᠠᠰᠠᠷ ᠬᠤᠳᠠᠯᠳᠤᠨ ᠠᠪᠬᠤ ᠠᠩᠬᠠᠨ ᠤ ᠮᠦᠡᠭᠬᠦ ᠪᠤᠯᠭᠠᠨ ᠭᠡᠷᠡᠭᠯᠡᠵᠠᠢ᠃ ᠡᠬᠦᠨ ᠠᠴᠠ ᠪᠤᠯᠵᠦ ᠬᠤᠶᠠᠷ ᠲᠠᠯ᠎ᠠ ᠪᠠᠷ ᠢᠶᠠᠨ ᠵᠥᠷᠢᠴᠡᠯ ᠡᠬᠦᠰᠴᠦ᠂ ᠲᠣᠰᠬᠤᠨ ᠤ ᠡᠶᠡᠳᠡᠭᠦᠯᠭᠡ ᠣᠯᠠᠨ ᠤᠳᠠᠭ᠎ᠠ ᠡᠶᠡᠳᠡᠬᠦᠯᠦᠭᠰᠡᠨ ᠪᠤᠯᠪᠠᠴᠦ ᠳᠤᠰᠠ ᠪᠤᠯᠤᠬᠰᠠᠨ ᠦᠭᠡᠢ᠃    ᠡᠶᠡᠳᠡᠭᠦᠯᠭᠡ ᠶᠢᠨ ᠶᠠᠪᠤᠴᠠ ᠳᠤ᠂ ︽ᠲᠦᠷᠪᠡᠨ ᠰᠠᠯᠪᠤᠷᠢ ᠨᠢᠭᠡ ᠲᠢᠩᠬᠢᠮ︾᠎ ᠤᠨ ᠡᠶᠡᠳᠡᠬᠦᠯᠭᠡ ᠶᠢᠨ ᠳᠤᠭᠤᠶᠢᠯᠠᠩ ᠤᠨ ᠬᠢᠨ ᠠᠪᠤ ᠬᠦᠦ ᠬᠤᠶᠠᠷ ᠤᠨ ᠴᠢᠰᠤᠨ ᠲᠦᠷᠦᠯ ᠤᠨ ᠬᠠᠷᠢᠴᠠᠭ᠎ᠠ ᠶᠢ ᠬᠠᠮᠠᠭᠠᠯᠠᠬᠤ ᠠᠴᠠ ᠭᠠᠷᠳᠠᠵᠤ ᠂ ᠠᠰ ᠠᠰ ᠲᠤᠨᠢ ᠶᠠᠷᠢᠯᠴᠠᠬᠤ ᠠᠷᠭ᠎ᠠ ᠮᠠᠶ᠋ᠢᠭ ᠢ ᠠᠪᠴᠤ᠂ ᠪᠣᠳᠠᠲᠤ ᠬᠡᠷᠡᠭ ᠤᠨ ᠵᠢᠱᠢᠶ᠎ᠡ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠲᠦᠷᠢᠮ ᠲᠣᠭᠲᠠᠭᠠᠯ ᠲᠠᠢ ᠤᠶᠠᠯᠳᠤᠭᠤᠯᠤᠨ ᠬᠦᠯᠢᠴᠡᠩᠬᠦᠢ ᠪᠠᠷ ᠡᠶᠡᠳᠡᠬᠦᠯᠭᠡ ᠬᠢᠭᠰᠡᠨ ᠪᠠᠶᠢᠨ᠎ᠠ᠃ ᠳᠡᠭᠡᠭᠡᠳ ᠤᠯᠠᠨ ᠤᠳᠠᠭᠠᠨ ᠤ ᠡᠶᠡᠳᠡᠬᠦᠯᠭᠡ ᠪᠠᠷ ᠲᠠᠮᠵᠢᠨ᠂ ᠬᠤᠶᠠᠷ ᠲᠠᠯ᠎ᠠ ᠪᠠᠷ ᠢᠶᠠᠨ ᠭᠠᠵᠠᠷ ᠰᠢᠷᠣᠢ᠂ ᠣᠷᠣᠨ ᠰᠠᠭᠤᠴᠠ ᠵᠢᠴᠢ ᠡᠳ᠋ ᠪᠣᠳᠠᠰ ᠢ ᠰᠠᠯᠭᠠᠬᠤ ᠠᠰᠠᠭᠤᠳᠠᠯ ᠤᠨ ᠲᠤᠬᠠᠢ ᠡᠶᠡᠳᠡᠬᠦ ᠬᠡᠯᠡᠯᠴᠡᠭᠡᠷ ᠳᠤᠬᠳᠠᠵᠦ᠂ ᠠᠵᠢᠯᠳᠡᠳ ᠤᠨ ᠭᠡᠷᠡᠴᠢᠯᠡᠯ ᠳᠤᠤᠷ᠎ᠠ ᠬᠤᠪᠢᠶᠠᠯᠴᠠᠵᠠᠢ᠃ ᠡᠴᠤᠰ ᠲᠡᠭᠡᠨ ᠬᠤᠶᠠᠷ ᠲᠠᠯ᠎ᠠ ᠶᠢᠨ ᠲᠤᠬᠠᠢ ᠶᠢᠨ ᠬᠥᠮᠦᠨ ᠡᠶᠡᠳᠡᠭᠦᠯᠭᠡ ᠶᠢᠨ ᠦᠷ᠎ᠡ ᠳ᠋ᠦᠩ ᠳᠤ ᠬᠠᠨᠤᠮᠵᠢᠲᠠᠢ ᠪᠠᠶᠢᠬᠤ ᠪᠠᠨ ᠢᠯᠡᠳᠭᠡᠭᠰᠡᠨ ᠪᠥᠭᠡᠳ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠤᠨ ᠬᠠᠪᠰᠤᠷᠤᠯᠭ᠎ᠠ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃    ᠲᠣᠰ ᠤᠳᠠᠭᠠᠨ ᠤ ᠡᠶᠡᠳᠡᠭᠦᠯᠭᠡ ᠶᠢᠨ ᠠᠵᠢᠯ ᠢ ᠤᠷᠤᠭᠰᠢᠲᠠᠶ ᠪᠡᠶᠡᠯᠡᠭᠦᠯᠦᠭᠰᠡᠨ ᠨᠢ ᠪᠠᠶᠠᠨᠭᠤᠤᠯ ᠬᠠᠤᠯᠢ ᠴᠠᠭᠠᠵᠠ ᠶᠢᠨ ᠭᠠᠵᠠᠷ ᠤᠨ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠴᠢᠯᠡᠨ ᠰᠢᠢᠳᠪᠦᠷᠢᠯᠡᠬᠦ ᠶᠢ ᠠᠬᠢᠭᠤᠯᠬᠤ ᠲᠠᠯ᠎ᠠ ᠶᠢᠨ ᠢᠳᠡᠪᠬᠢᠲᠡᠶ ᠠᠵᠢᠯᠯᠠᠭ᠎ᠠ ᠶᠢ ᠭᠦᠢᠴᠡᠳ ᠢᠯᠡᠷᠡᠭᠦᠯᠵᠦ᠂ ᠬᠠᠤᠯᠢ ᠴᠠᠭᠠᠵᠠ ᠶᠢᠨ ᠢᠲᠡᠭᠡᠭᠦᠯᠬᠦ ᠬᠦᠴᠦᠨ ᠪᠠ ᠨᠥᠯᠥᠭᠡᠯᠡᠬᠦ ᠬᠦᠴᠦᠨ ᠢ ᠦᠨᠡᠨᠬᠦ ᠳᠡᠭᠡᠭᠰᠢᠯᠡᠭᠦᠯᠦᠭᠰᠡᠨ ᠪᠠᠶᠢᠨ᠎ᠠ᠃                            ︵ᠱᠠᠨ ᠬᠤᠩ ᠭᠠᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号