ᠵᠠᠯᠠᠶᠢᠳ ᠬᠤᠰᠢᠭᠤ ︽ᠤᠯᠤᠰ ᠤᠨ ᠨᠦᠬᠦᠪᠤᠷᠢ︾᠎ ᠶᠢᠨ ᠲᠦᠷᠥ ᠶᠢᠨ ᠪᠤᠳᠤᠯᠭ᠎ᠠ ᠶᠢ ᠰᠠᠶᠢᠳᠤᠷ ᠬᠡᠷᠡᠭᠵᠢᠬᠦᠯᠤᠨ ᠲᠤᠭᠠᠴᠢᠯᠠᠭᠰᠠᠨ ᠦᠢᠯᠡᠳᠬᠦᠨ ᠬᠤᠳᠠᠯᠳᠤᠨ ᠠᠪᠬᠤ ᠬᠠᠯᠠᠭᠤᠷᠠᠯ ᠢ ᠪᠤᠢ ᠪᠤᠯᠭᠠᠯ᠎ᠠ
ᠨᠡᠶᠢᠲᠡᠯᠡᠭᠰᠡᠨ ᠴᠠᠭ᠄
2025/2/20
    ᠤᠳᠤᠬᠠᠨ ᠳᠤ᠂ ︽ᠤᠯᠤᠰ ᠤᠨ ᠨᠦᠬᠦᠪᠤᠷᠢ︾᠎ ᠶᠢᠨ ᠲᠦᠷᠥ ᠶᠢᠨ ᠪᠤᠳᠤᠯᠭ᠎ᠠ ᠶᠢ ᠬᠡᠷᠡᠭᠵᠢᠬᠦᠯᠬᠦ ᠶᠢ ᠲᠠᠭᠠᠯᠳᠤᠨ ᠭᠠᠷ ᠤᠳᠠᠰᠤ᠂ ᠬᠠᠪᠳᠠᠭᠠᠢ ᠤᠶᠤᠨᠴᠢ ᠺᠤᠮᠫᠢᠦ᠋ᠲ᠋ᠧᠷ᠂ ᠤᠶᠤᠨᠴᠢ ᠭᠠᠷ ᠴᠠᠭ ᠵᠡᠷᠭᠡ 3C ᠦᠢᠯᠡᠳᠬᠦᠨ ᠨᠢ ᠬᠤᠳᠠ ᠶᠢᠨ ᠠᠷᠠᠳ ᠤᠨ ᠬᠤᠳᠠᠯᠳᠤᠨ ᠠᠪᠬᠤ ᠬᠠᠯᠠᠭᠤᠷᠠᠯ ᠪᠤᠯᠤᠯ᠎ᠠ᠃    ᠵᠠᠯᠠᠶᠢᠳ ᠬᠤᠰᠢᠭᠤᠨ ᠤ ᠡᠯ᠎ᠠ ᠭᠠᠷ ᠤᠳᠠᠰᠤᠨ ᠤ ᠲᠡᠯᠭᠡᠬᠦᠷ ᠢᠶᠠᠷ ᠬᠦᠷᠪᠡᠯ᠂ ︽ᠤᠯᠤᠰ ᠤᠨ ᠨᠦᠬᠦᠪᠤᠷᠢ ᠶᠢᠨ ᠠᠰᠢᠭ ᠬᠦᠷᠳᠡᠭᠡᠬᠦ ᠲᠦᠷᠥ ᠶᠢᠨ ᠪᠤᠳᠤᠯᠭ᠎ᠠ︾᠎ ᠶᠢᠨ ᠤᠬᠠᠭᠤᠯᠭ᠎ᠠ ᠶᠢᠨ ᠮᠡᠳᠡᠭᠳᠡᠯ ᠢᠯᠠ ᠭᠠᠵᠠᠷ ᠲᠤ ᠡᠯᠬᠦᠭᠳᠡᠵᠤ᠂ ᠤᠯᠠᠨ ᠲᠦᠮᠡᠨ ᠠᠴᠠ ᠦᠪᠠᠷ ᠤᠨ ᠦᠵᠡᠵᠤ ᠲᠤᠭᠤᠭᠰᠠᠨ ᠭᠠᠷ ᠤᠳᠠᠰᠤ ᠪᠠᠨ ᠰᠤᠩᠭᠤᠨ᠎ᠠ᠃ ᠲᠡᠯᠭᠡᠬᠦᠷ ᠤᠨ ᠠᠵᠢᠯᠴᠢᠨ ᠠᠴᠠ ᠬᠡᠷᠡᠭᠯᠡᠭᠴᠢᠳ ᠲᠤ ᠦᠢᠯᠡᠳᠬᠦᠨ ᠤ ᠴᠢᠨᠠᠷ ᠵᠢᠴᠢ ︽ᠤᠯᠤᠰ ᠤᠨ ᠨᠦᠬᠦᠪᠤᠷᠢ︾᠎ ᠶᠢᠨ ᠲᠦᠷᠥ ᠶᠢᠨ ᠪᠤᠳᠤᠯᠭ᠎ᠠ ᠶᠢ ᠲᠠᠶᠢᠯᠪᠤᠷᠢᠯᠠᠵᠤ ᠦᠭᠬᠦᠨ᠎ᠠ᠃ ︽ᠤᠳᠤ ᠤᠯᠤᠰ ᠤᠨ ᠨᠦᠬᠦᠪᠤᠷᠢ ᠪᠠᠶᠢᠬᠤ ᠶᠢ ᠮᠡᠳᠡᠭᠡᠳ ᠦᠨᠤᠳᠤᠷ ᠰᠢᠨ᠎ᠠ ᠭᠠᠷ ᠤᠳᠠᠰᠤ ᠠᠪᠬᠤ ᠪᠠᠷ ᠢᠷᠡᠵᠠᠢ᠂ ᠭᠠᠷ ᠤᠳᠠᠰᠤᠨ ᠤ ᠦᠨ᠎ᠠ ᠬᠠᠩᠰᠢ ᠤᠤᠯ ᠤᠨ ᠬᠢ ᠠᠴᠠ ᠬᠢᠮᠳᠠ ᠪᠤᠯᠵᠠᠢ︾ ᠭᠡᠵᠤ ᠬᠡᠷᠡᠭᠯᠡᠭᠴᠢ ᠯᠢᠥ ᠰᠢᠶᠤᠤ ᠬᠡᠯᠡᠪᠡ᠃    ᠤᠯᠤᠰ ᠤᠨ ᠨᠦᠬᠦᠪᠤᠷᠢ ᠶᠢᠨ ᠨᠠᠷᠢᠨ ᠲᠦᠷᠢᠮ ᠢ ᠦᠨᠳᠤᠰᠤᠯᠡᠪᠡᠯ᠂ ᠬᠡᠷᠡᠭᠯᠡᠭᠴᠢ ᠭᠠᠭᠴᠠ ᠲᠠᠩᠰᠠ ᠶᠢᠨ ᠪᠤᠷᠤᠯᠠᠭᠤᠯᠭ᠎ᠠ ᠶᠢᠨ ᠦᠨ᠎ᠠ ᠬᠠᠩᠰᠢ ᠨᠢ 6000 ᠲᠦᠬᠦᠷᠢᠭ ᠠᠴᠠ ᠳᠠᠪᠠᠭ᠋ᠤ ᠦᠭᠡᠢ ᠭᠠᠷ ᠤᠳᠠᠰᠤ᠂ ᠬᠠᠪᠳᠠᠭᠠᠢ ᠤᠶᠤᠨᠴᠢ ᠺᠤᠮᠫᠢᠦ᠋ᠲ᠋ᠧᠷ᠂ ᠤᠶᠤᠨᠴᠢ ᠭᠠᠷ ᠴᠠᠭ ᠵᠡᠷᠭᠡ ᠶᠢ ᠬᠤᠳᠠᠯᠳᠤᠨ ᠠᠪᠤᠪᠠᠯ ᠬᠦᠮᠤᠨ ᠪᠦᠷᠢ 1 ᠵᠦᠢᠯᠡᠰ ᠠᠴᠠ ᠨᠢ ᠨᠦᠬᠦᠪᠤᠷᠢ ᠬᠦᠷᠳᠡᠵᠤ ᠪᠤᠯᠤᠨ᠎ᠠ᠃ ︽ᠤᠤᠯ ᠳᠠᠭᠠᠨ ᠮᠠᠨ ᠤ ᠲᠡᠯᠭᠡᠬᠦᠷ ᠲᠤ ᠭᠠᠷ ᠤᠳᠠᠰᠤ ᠬᠤᠳᠠᠯᠳᠤᠨ ᠠᠪᠬᠤ ᠪᠠᠷ ᠢᠷᠡᠬᠦ ᠨᠠᠰᠤᠳᠠᠶᠢᠴᠤᠳ ᠤᠯᠠᠨ᠂ ᠤᠯᠠᠩᠬᠢ ᠵᠠᠯᠠᠭᠤᠴᠤᠳ ᠳᠤᠤᠷ ᠰᠦᠯᠵᠢᠶᠡᠨ ᠲᠡᠭᠡᠷ᠎ᠠ ᠠᠴᠠ ᠭᠠᠷ ᠤᠳᠠᠰᠤ ᠬᠤᠳᠠᠯᠳᠤᠨ ᠠᠪᠳᠠᠭ᠃ ᠲᠤᠰ ᠤᠳᠠᠭᠠᠨ ᠤ ᠨᠦᠬᠦᠪᠤᠷᠢ ᠶᠢᠨ ᠲᠦᠷᠥ ᠶᠢᠨ ᠪᠤᠳᠤᠯᠭ᠎ᠠ ᠶᠢ ᠬᠡᠷᠡᠭᠵᠢᠬᠦᠯᠥᠭᠰᠡᠨ ᠠᠴᠠ ᠵᠠᠯᠠᠭᠤ ᠬᠡᠷᠡᠭᠯᠡᠭᠴᠢᠳ ᠲᠡᠯᠭᠡᠬᠦᠷ ᠲᠤ ᠢᠷᠡᠵᠤ ᠭᠠᠷ ᠤᠳᠠᠰᠤ ᠬᠤᠳᠠᠯᠳᠤᠨ ᠠᠪᠬᠤ ᠨᠢ ᠤᠯᠠᠰᠢᠷᠠᠯ᠎ᠠ︾ ᠭᠡᠵᠤ ᠲᠡᠯᠭᠡᠬᠦᠷ ᠤᠨ ᠠᠵᠢᠯᠴᠢᠨ ᠲᠠᠨᠢᠯᠴᠠᠭᠤᠯᠤᠨ᠎ᠠ᠃    ᠤᠶᠢᠯᠠᠭᠠᠭᠰᠠᠨ ᠢᠶᠠᠷ᠂ ᠤᠯᠤᠰ ᠤᠨ ᠨᠦᠬᠦᠪᠤᠷᠢ ᠶᠢᠨ ᠲᠦᠷᠥ ᠶᠢᠨ ᠪᠤᠳᠤᠯᠭ᠎ᠠ ᠶᠢ ᠬᠡᠷᠡᠭᠵᠢᠬᠦᠯᠥᠭᠰᠡᠨ ᠠᠴᠠ ᠨᠠᠭᠠᠰᠢ᠂ ᠵᠠᠯᠠᠶᠢᠳ ᠬᠤᠰᠢᠭᠤᠨ ᠤ 3C ᠲᠤᠭᠠᠴᠢᠯᠠᠭᠰᠠᠨ ᠦᠢᠯᠡᠳᠬᠦᠨ ᠤ ᠪᠤᠷᠤᠯᠠᠭᠤᠯᠭ᠎ᠠ ᠨᠢ 535᠎ ᠳᠤ ᠬᠦᠷᠴᠤ ᠂ ᠨᠡᠶᠢᠳᠠ 166 ᠲᠦᠮᠡᠨ ᠲᠦᠬᠦᠷᠢᠭ ᠪᠤᠷᠤᠯᠠᠭᠤᠯᠵᠤ᠂ 21 ᠲᠦᠮᠠ ᠭᠠᠷᠤᠢ ᠲᠦᠬᠦᠷᠢᠭ ᠤᠨ ᠨᠦᠬᠦᠪᠦᠷᠢ ᠮᠦᠩᠬᠦ ᠦᠭᠭᠦᠭᠰᠡᠨ ᠪᠠᠶᠢᠨ᠎ᠠ᠃    ︽ᠵᠠᠯᠠᠶᠢᠳ ᠬᠤᠰᠢᠭᠤᠨ ᠤ ᠠᠵᠤ ᠦᠢᠯᠡᠳᠪᠤᠷᠢ ᠪᠠ ᠰᠤᠷᠠᠭ ᠵᠠᠩᠬᠢᠵᠢᠯᠳᠠ ᠶᠢᠨ ᠲᠤᠪᠴᠢᠶ᠎ᠠ ᠠᠴᠠ ᠬᠡᠷᠡᠭᠯᠡᠭᠡᠨ ᠤ ᠬᠠᠭᠤᠴᠢᠨ ᠢᠶᠠᠷ ᠰᠢᠨ᠎ᠠ ᠶᠢ ᠰᠤᠯᠢᠬᠤ ᠠᠵᠢᠯᠯᠠᠭᠠᠨ ᠤ ᠤᠬᠠᠭᠤᠯᠭ᠎ᠠ ᠶᠢᠨ ᠬᠦᠴᠤᠯᠡᠴᠠ ᠪᠠᠨ ᠨᠡᠮᠡᠭᠳᠡᠬᠦᠯᠵᠤ᠂ ᠠᠵᠢᠯᠯᠠᠭᠠᠨ ᠳᠤ ᠤᠷᠤᠯᠴᠠᠭᠰᠠᠨ ᠲᠠᠮᠵᠢᠭᠤᠯᠤᠨ ᠪᠤᠷᠤᠯᠠᠭᠤᠯᠬᠤ ᠠᠵᠤ ᠠᠬᠤᠶᠢᠯᠠᠯ ᠤᠨ ᠡᠬᠢ ᠪᠡᠶᠠᠯᠢᠭ ᠢᠶᠠᠨ ᠢᠳᠡᠪᠬᠢᠳᠠᠢ ᠲᠤᠬᠢᠷᠠᠭᠤᠯᠬᠤ ᠶᠢ ᠵᠤᠷᠢᠭᠵᠢᠭᠤᠯᠵᠤ᠂ ᠨᠠᠷᠢᠨ ᠨᠢᠭᠳᠠ ᠵᠤᠬᠢᠶᠠᠨ ᠪᠠᠶᠢᠭᠤᠯᠤᠨ ᠲᠦᠯᠤᠪᠯᠡᠵᠤ᠂ ᠰᠢᠯᠢᠳᠡᠭ ᠦᠢᠯᠡᠳᠬᠦᠨ᠂ ᠬᠠᠨᠤᠮᠵᠢᠳᠠᠢ ᠦᠢᠯᠡᠴᠢᠯᠡᠭᠡ ᠪᠠ ᠲᠤᠬᠢᠷᠠᠮᠵᠢᠳᠠᠢ ᠦᠨ᠎ᠠ ᠬᠠᠩᠰᠢ ᠪᠠᠷ ᠬᠡᠷᠡᠭᠯᠡᠭᠴᠢᠳ ᠲᠤ ᠠᠰᠢᠭ ᠬᠦᠷᠳᠡᠭᠡᠵᠤ ᠪᠠᠶᠢᠨ᠎ᠠ︾ ᠭᠡᠵᠤ ᠬᠤᠰᠢᠭᠤᠨ ᠤ ᠠᠵᠤ ᠦᠢᠯᠡᠳᠪᠤᠷᠢ ᠪᠠ ᠰᠤᠷᠠᠭ ᠵᠠᠩᠬᠢᠵᠢᠯᠳᠠ ᠶᠢᠨ ᠲᠤᠪᠴᠢᠶ᠎ᠠ ᠶᠢᠨ ᠵᠠᠩ ᠬᠦᠸᠧ ᠶᠢᠤ ᠶᠠᠷᠢᠨ᠎ᠠ᠃                                                
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号