| ● ᠡᠤ ᠰᠡᠷᠬᠦᠯᠡᠩ | ᠬᠢᠨᠭ᠍ᠭᠠᠨ ᠠᠶᠢᠮᠠᠭ ᠤᠨ ᠵᠠᠯᠠᠶᠢᠳ ᠬᠤᠰᠢᠭᠤᠨ ᠤ ᠢᠨᠳᠡᠷ ᠪᠠᠯᠭᠠᠰᠦ ᠪᠠᠷ ᠨᠤᠳᠤᠬᠳᠠᠢ ᠶᠤᠰᠤᠳᠤ ᠤᠯᠤᠰ ᠤᠨ | ᠨᠡᠷᠡᠳᠤ ᠢᠳᠡᠬᠡᠨ ᠤᠮᠳᠠᠭᠠᠨ ᠤ ᠺᠤᠮᠫᠠᠨᠢ ᠪᠠᠷ ᠠᠵᠢᠯᠯᠠᠬᠰᠠᠨ ᠪᠠᠶᠠᠯᠢᠭ ᠲᠤᠷᠰᠢᠯᠭ᠎ᠠ ᠪᠠᠷ ᠢᠶᠠᠨ ᠢᠳᠡᠬᠡᠨ ᠤᠮᠳᠠᠭᠠᠨ ᠤ | ᠦᠢᠯᠡᠰ ᠡᠷᠬᠢᠯᠡᠬᠦ ᠬᠦᠰᠡᠯ ᠵᠡᠬᠦᠳᠤ ᠪᠠᠨ ᠲᠡᠷᠬᠡᠯᠰᠢᠬᠦᠯᠵᠦ᠂ ᠬᠤᠷᠴᠢᠨ ᠪᠠᠷᠠᠭᠤᠨ ᠭᠠᠷᠦᠨ ᠲᠤᠮᠳᠠᠳᠤ ᠬᠤᠰᠢᠭᠤᠨ ᠤ | ᠪᠠᠶᠠᠨᠬᠤᠰᠢᠭᠤ ᠪᠠᠯᠭᠠᠰᠦᠨ ᠳᠤ ᠺᠤᠮᠫᠠᠨᠢ ᠡᠷᠬᠢᠯᠡᠨ᠂ ᠵᠠᠯᠠᠭᠤ ᠬᠦᠮᠦᠨ ᠤ ᠴᠤᠭ ᠵᠢᠪᠬᠤᠭ᠎ᠠ ᠪᠠᠨ ᠪᠠᠳᠠᠷᠠᠭᠤᠯᠤᠨ᠂ | ᠬᠦᠳᠡᠭᠡ ᠨᠤᠳᠤᠭ ᠤᠨ ᠬᠦᠭᠵᠢᠯᠳᠡ ᠳᠤ ᠨᠢᠬᠡ ᠮᠦᠷᠦᠨ ᠤ ᠬᠦᠴᠦ ᠪᠠᠨ ᠡᠷᠬᠦᠵᠦ ᠶᠠᠪᠤᠨ᠎ᠠ᠃ | ᠶᠤᠰᠤᠳᠤ 2003 ᠤᠨ ᠳᠤ ᠦᠪᠦᠷ ᠮᠤᠩᠭᠤᠯ ᠤᠨ ᠡᠳ᠋ ᠤᠨ ᠵᠠᠰᠠᠭ ᠠᠵᠦ ᠠᠬᠤᠢ ᠶᠢᠨ ᠶᠡᠭᠡ | ᠰᠤᠷᠭᠠᠭᠤᠯᠢ ᠶᠢᠨ ᠵᠠᠬ᠎ᠠ ᠲᠡᠯᠬᠡᠬᠦᠷ ᠤᠨ ᠪᠤᠷᠤᠯᠠᠭᠤᠯᠭ᠎ᠠ ᠶᠢᠨ ᠲᠤᠰᠬᠠᠢ ᠮᠡᠷᠬᠡᠵᠢᠯ ᠠᠴᠠ ᠲᠡᠬᠦᠰᠦᠮᠡᠭᠴᠡ ᠰᠢᠯᠢᠳᠡᠭ | ᠬᠢᠷᠢ ᠪᠦᠳᠦᠮᠵᠢ ᠪᠠᠷ ᠦᠪᠦᠷ ᠮᠤᠩᠭᠤᠯ ᠤᠨ ᠢᠯᠢ ᠠᠵᠦ ᠦᠢᠯᠡᠰ ᠤᠨ ᠪᠦᠯᠦᠭᠯᠡᠯ ᠤᠨ ᠬᠤᠪᠢ ᠤᠷᠤᠭᠤᠯᠤᠬᠰᠠᠨ | ᠬᠢᠵᠠᠭᠠᠷᠳᠤ ᠺᠤᠮᠫᠠᠨᠢ ᠶᠢᠨ ᠪᠡᠬᠡᠵᠢᠩ ᠳᠠᠬᠢ ᠬᠤᠪᠢᠶᠠᠷᠢ ᠺᠤᠮᠫᠠᠨᠢ ᠳᠤ ᠰᠢᠯᠭᠠᠨ ᠤᠷᠤᠵᠦ ᠠᠵᠢᠯᠯᠠᠵᠠᠢ᠃ ᠢᠯᠢ | ᠪᠦᠯᠦᠭᠯᠡᠯ ᠤᠨ ᠪᠡᠬᠡᠵᠢᠩ ᠳᠠᠬᠢ ᠬᠤᠪᠢᠶᠠᠷᠢ ᠺᠤᠮᠫᠠᠨᠢ ᠳᠤ ᠬᠡᠳᠦᠨ ᠵᠢᠯ ᠠᠵᠢᠯᠯᠠᠬᠰᠠᠨ ᠤ ᠲᠠᠷᠠᠭ᠎ᠠ᠂ ᠬᠠᠨᠭ᠍ᠵᠸᠤ ᠶᠢᠨ | ᠸᠠ ᠬᠠ ᠬᠠ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ ᠡᠾᠧᠪᠸᠢ ᠮᠤᠵᠢ ᠶᠢᠨ ᠽᠠᠩ ᠵᠸᠤ ᠬᠤᠳᠠ ᠳᠠᠬᠢ ᠵᠠᠬ᠎ᠠ | ᠲᠡᠯᠬᠡᠬᠦᠷ ᠤᠨ ᠬᠠᠮᠢᠶᠠᠷᠦᠯᠳᠠ ᠶᠢᠨ ᠠᠵᠢᠯ ᠢ ᠠᠷᠪᠠᠭᠠᠳ ᠵᠢᠯ ᠬᠢᠵᠦ ᠶᠠᠪᠤᠵᠠᠢ᠃ ᠲᠡᠷᠡ ᠬᠦᠮᠦᠨ ᠤ ᠭᠠᠵᠠᠷ | ᠬᠦᠨᠳᠡᠯᠡᠨ ᠤ ᠨᠤᠳᠤᠭ ᠲᠤ ᠠᠵᠢᠯᠯᠠᠵᠦ ᠠᠮᠢᠳᠦᠷᠠᠵᠦ ᠶᠠᠪᠤᠬᠤ ᠳᠠᠭᠠᠨ ᠲᠦᠷᠦᠭᠰᠡᠨ ᠨᠤᠳᠤᠭ ᠲᠠᠭᠠᠨ ᠪᠤᠴᠠᠵᠦ | ᠦᠪᠡᠷ ᠤᠨ ᠬᠡᠰᠡᠨ ᠺᠤᠮᠫᠠᠨᠢ ᠲᠠᠢ ᠪᠤᠯᠬᠤ ᠪᠠᠷ ᠬᠠᠳᠠᠭᠤ ᠵᠤᠷᠢᠭ ᠰᠢᠭᠤᠳᠴᠠᠢ᠃ | ᠢᠳᠡᠬᠡᠯ ᠤᠨ ᠬᠦᠴᠦᠨ ᠳᠤ ᠠᠮᠢᠳᠦᠷᠠᠯ ᠰᠠᠶᠢᠬᠠᠨ᠂ ᠵᠢᠳᠬᠦᠯ ᠤᠨ ᠬᠦᠴᠦᠨ ᠳᠤ ᠦᠢᠯᠡᠰ ᠰᠠᠶᠢᠬᠠᠨ | ᠬᠡᠳᠡᠭ ᠢᠶᠠᠷ᠂ ᠶᠤᠰᠤᠳᠤ ᠤᠯᠤᠰ ᠤᠨ ᠨᠡᠷᠡᠳᠤ ᠺᠤᠮᠫᠠᠨᠢ ᠪᠠᠷ ᠠᠵᠢᠯᠯᠠᠭᠠᠳ ᠵᠤᠬᠢᠬᠤ ᠬᠡᠮᠵᠢᠶᠡᠨ ᠤ ᠪᠡᠯᠡ ᠮᠦᠡᠭᠬᠦ ᠪᠠ | ᠠᠷᠭ᠎ᠠ ᠲᠤᠷᠰᠢᠯᠭ᠎ᠠ ᠬᠤᠷᠠᠮᠳᠤᠭᠤᠯᠤᠬᠰᠠᠨ ᠶᠤᠮ᠃ ᠲᠡᠷᠡ 2019 ᠤᠨ ᠠᠴᠠ ᠡᠬᠢᠯᠡᠨ᠂ ᠬᠢᠨᠭ᠍ᠭᠠᠨ ᠠᠶᠢᠮᠠᠭ ᠤᠨ | ᠠᠯᠢ ᠭᠠᠵᠠᠷ ᠨᠢ ᠰᠦ ᠶᠢᠨ ᠦᠢᠯᠡᠳᠬᠦᠨ ᠤᠷᠤᠯᠠᠨ ᠪᠤᠷᠤᠯᠠᠭᠤᠯᠬᠤ ᠺᠤᠮᠫᠠᠨᠢ ᠪᠠᠶᠢᠭᠤᠯᠪᠠᠯ ᠵᠤᠬᠢᠬᠤ ᠲᠤᠬᠠᠢ | ᠤᠯᠠᠭᠠᠨᠬᠤᠳᠠ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤ᠂ ᠲᠦᠴᠢᠤᠸᠠᠨ ᠰᠢᠶᠠᠨ᠂ | ᠬᠤᠷᠴᠢᠨ ᠪᠠᠷᠠᠭᠤᠨ ᠭᠠᠷᠦᠨ ᠲᠤᠮᠳᠠᠳᠤ ᠬᠤᠰᠢᠭᠤ ᠪᠠᠷ ᠬᠡᠳᠦᠨ ᠰᠠᠷ᠎ᠠ ᠪᠠᠷ ᠵᠠᠬ᠎ᠠ ᠲᠡᠯᠬᠡᠬᠦᠷ ᠤᠨ ᠪᠠᠶᠢᠴᠠᠭᠠᠯᠳᠠ | ᠬᠢᠵᠦ᠂ ᠬᠠᠮᠢᠶ᠎ᠠ ᠪᠦᠬᠦᠢ ᠲᠤᠨᠤᠭ ᠲᠦᠬᠦᠭᠡᠷᠦᠮᠵᠢ ᠪᠠᠨ ᠪᠦᠷᠢᠨ ᠪᠡᠯᠡᠳᠭᠡᠵᠦ᠂ 2020 ᠤᠨ ᠳᠤ᠂ ᠬᠤᠷᠴᠢᠨ | ᠪᠠᠷᠠᠭᠤᠨ ᠭᠠᠷᠦᠨ ᠲᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠦᠨ ᠳᠤ ᠢᠯᠢ᠂ ᠸᠠᠨ ᠳ᠋ᠠ ᠱᠠᠨ ᠵᠡᠷᠭᠡ ᠨᠡᠷᠡᠳᠤ | ᠲᠦᠷᠦᠯ ᠲᠡᠮᠳᠡᠭ ᠤᠨ ᠰᠦ ᠶᠢᠨ ᠦᠢᠯᠡᠳᠬᠦᠨ ᠪᠠ ᠱᠤᠸᠠᠩ ᠡᠾᠦ᠋ᠢ ᠪᠦᠯᠦᠭᠯᠡᠯ ᠤᠨ ᠦᠢᠯᠡᠳᠬᠦᠨ ᠢ ᠤᠷᠤᠯᠠᠨ | ᠪᠤᠷᠤᠯᠠᠭᠤᠯᠬᠤ ︽ ᠶᠢᠨ ᠱᠧᠩ ᠯᠦᠩ ᠠᠷᠠᠯᠵᠢᠶ᠎ᠠ ᠬᠤᠳᠠᠯᠳᠤᠭᠠᠨ ᠤ ᠬᠢᠵᠠᠭᠠᠷᠳᠤ ᠺᠤᠮᠫᠠᠨᠢ︾ ᠪᠠᠨ ᠪᠠᠶᠢᠭᠤᠯᠵᠠᠢ᠃ | ᠵᠢᠳᠬᠦᠯ ᠭᠠᠷᠭᠠᠬᠰᠠᠨ ᠡᠳᠦᠷ ᠤᠨ ᠴᠢᠨᠢ ᠲᠤᠭ᠎ᠠ ᠪᠠᠷ ᠱᠠᠩᠨᠠᠯ ᠢᠷᠡᠵᠦ᠂ ᠵᠦᠪ ᠶᠠᠪᠤᠬᠰᠠᠨ ᠦᠨᠡᠨ ᠤ ᠴᠢᠨᠢ | ᠮᠦᠷ ᠢᠶᠠᠷ ᠠᠵᠠ ᠵᠢᠷᠭᠠᠯ ᠢᠷᠡᠳᠡᠭ᠃ ᠶᠤᠰᠤᠳᠤ ᠦᠪᠡᠷ ᠤᠨ ᠰᠤᠩᠭᠤᠬᠰᠠᠨ ᠵᠠᠮ ᠢᠶᠠᠷ ᠢᠶᠠᠨ ᠵᠤᠷᠢᠬᠳᠠᠢ ᠶᠠᠪᠤᠵᠦ | ᠪᠤᠰᠬᠠᠬᠰᠠᠨ ᠦᠢᠯᠡᠰ ᠢᠶᠠᠨ ᠯᠠᠪᠳᠠᠭᠤᠨ ᠪᠠᠳᠦᠳᠠᠢ ᠬᠢᠵᠦ᠂ ᠢᠳᠡᠬᠡᠨ ᠤᠮᠳᠠᠭᠠᠨ ᠤᠷᠤᠯᠠᠨ ᠪᠤᠷᠤᠯᠠᠭᠤᠯᠬᠤ ᠬᠠᠮᠢᠶ᠎ᠠ | ᠪᠦᠬᠦᠢ ᠲᠦᠷᠢᠮ ᠲᠤᠬᠳᠠᠭᠠᠯ ᠢ ᠴᠢᠩᠭ᠎ᠠ ᠵᠢᠷᠤᠮᠯᠠᠵᠦ᠂ ᠠᠵᠢᠯ ᠦᠢᠯᠡᠰ ᠲᠡᠭᠡᠨ ᠬᠠᠶᠢᠷ᠎ᠠ ᠬᠠᠷᠢᠭᠤᠴᠠᠯᠭ᠎ᠠ ᠲᠠᠢ | ᠠᠵᠢᠯᠯᠠᠵᠦ ᠶᠠᠪᠤᠬᠰᠠᠨ ᠠᠴᠠ ᠠᠩᠬ᠎ᠠ ᠡᠬᠢᠯᠡᠬᠦ ᠦᠶ᠎ᠡ ᠳᠤ ᠬᠡᠳᠦᠬᠡᠨ ᠰᠤᠮᠤ ᠶᠢᠨ ᠴᠢᠯᠦᠬᠡᠳᠦ ᠲᠡᠯᠬᠡᠬᠦᠷ ᠢᠶᠠᠷ | ᠦᠢᠯᠡᠳᠬᠦᠨ ᠢᠶᠠᠨ ᠬᠦᠷᠭᠡᠵᠦ ᠪᠠᠶᠢᠬᠰᠠᠨ ᠠᠴᠠ ᠪᠠᠨ ᠤᠳᠤ ᠲᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠦᠨ ᠤ | ᠬᠡᠳᠦᠨ ᠲᠤᠮᠤ ᠴᠢᠯᠦᠭᠡᠳᠦ ᠲᠡᠯᠬᠡᠬᠦᠷ᠂ ᠬᠤᠶᠠᠷᠰᠤᠮᠤ ᠪᠠᠯᠭᠠᠰᠦ᠂ ᠭᠤᠤᠯ ᠤᠨ ᠪᠠᠶᠢᠰᠢᠩ ᠪᠠᠯᠭᠠᠰᠦ᠂ ᠰᠢᠨᠠᠵᠠᠮ | ᠰᠤᠮᠤ᠂ ᠲᠦᠯᠢᠶᠡᠮᠤᠳᠤ ᠪᠠᠯᠭᠠᠰᠦ᠂ ᠪᠠᠵᠢᠯᠠᠭ᠎ᠠ ᠰᠤᠮᠤ᠂ ᠪᠠᠷᠠᠭᠤᠨ ᠵᠢᠷᠢᠮ ᠪᠠᠯᠭᠠᠰᠦ ᠶᠢᠨ ᠬᠤᠳᠠᠯᠳᠤᠭᠠᠨ ᠤ | ᠲᠡᠯᠬᠡᠬᠦᠷ ᠢᠶᠠᠷ ᠦᠢᠯᠡᠳᠬᠦᠨ ᠢᠶᠠᠨ ᠬᠦᠷᠬᠡᠨ ᠪᠤᠷᠤᠯᠠᠭᠤᠯᠵᠦ ᠪᠠᠶᠢᠨ᠎ᠠ᠃ ᠶᠤᠰᠤᠳᠤ ᠦᠪᠡᠷ ᠢᠶᠠᠨ ᠦᠢᠯᠡᠰ ᠪᠤᠰᠬᠠᠨ | ᠬᠢᠯᠠᠷᠠᠭᠤᠯᠵᠦ ᠶᠠᠪᠤᠬᠰᠠᠨ ᠢᠶᠠᠷ ᠪᠠᠷᠠᠬᠤ ᠦᠬᠡᠢ ᠪᠠᠰᠠ ᠤᠶᠢᠷ᠎ᠠ ᠬᠠᠪᠢ ᠶᠢᠨ ᠤᠯᠠᠨ ᠲᠦᠮᠡᠨ ᠳᠤ ᠠᠵᠢᠯ ᠤᠨ ᠪᠠᠶᠢᠷᠢ | ᠬᠠᠨᠭ᠍ᠭᠠᠵᠦ᠂ ᠲᠡᠳᠡᠨ ᠤ ᠤᠷᠤᠯᠭ᠎ᠠ ᠶᠢ ᠨᠡᠮᠡᠭᠳᠡᠬᠦᠯᠦᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ | ᠦᠢᠯᠡᠰ ᠲᠤ ᠦᠪᠡᠷ ᠤᠨ ᠬᠡᠰᠡᠨ ᠬᠦᠴᠦᠨ ᠴᠢᠳᠠᠯ ᠢᠶᠠᠨ ᠡᠷᠬᠦᠵᠦ᠂ ᠨᠤᠳᠤᠭ ᠤᠰᠤᠨ ᠤ ᠪᠠᠨ ᠵᠠᠯᠠᠭᠤᠴᠤᠳ ᠲᠤ | ᠦᠯᠢᠬᠡᠷ ᠲᠠᠭᠤᠷᠢᠶᠠᠯ ᠪᠤᠯᠵᠦ ᠶᠠᠪᠤᠨ᠎ᠠ᠃ |