ᠵᠠᠯᠠᠶᠢᠳ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2025/2/28
          2 ᠰᠠᠷ᠎ᠠ ᠶᠢᠨ 24 ᠤ ᠡᠳᠦᠷ᠂ 2025 ᠤᠨ ᠤ ᠬᠠᠪᠦᠷ ᠤᠨ ᠤᠯᠠᠷᠢᠯ ᠤᠨ ᠰᠤᠷᠭᠠᠭᠤᠯᠢ ᠡᠬᠢᠯᠡᠬᠦ ᠴᠠᠭ ᠢᠶᠠᠷ ᠵᠠᠯᠠᠶᠢᠳ ᠬᠤᠰᠢᠭᠤᠨ ᠤ ᠡᠯ᠎ᠡ ᠲᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠠᠩᠬᠠᠨ ᠤ ᠡᠳᠦᠷ ᠢᠶᠠᠨ ᠤᠬᠳᠤᠨ ᠠᠪᠦᠯ᠎ᠠ᠃    ᠢᠨᠳᠡᠷ ᠲᠠᠬᠢ ᠬᠤᠶᠠᠳᠤᠭᠠᠷ ᠪᠠᠭ᠎ᠠ ᠰᠤᠷᠭᠠᠭᠤᠯᠢ ᠶᠢᠨ ᠬᠦᠷᠢᠶᠡᠨ ᠳᠤ ᠰᠤᠷᠤᠬᠴᠢᠳ ᠤᠨ ᠨᠤᠮ ᠤᠡᠭᠰᠢᠬᠤ ᠬᠠᠨᠭ᠍ᠬᠢᠨᠠᠮ᠎ᠠ ᠲᠠᠭᠤᠨ ᠬᠢᠴᠢᠶᠡᠯ ᠤᠨ ᠬᠡᠷ ᠤᠨ ᠭᠠᠳᠠᠨ᠎ᠠ ᠠᠴᠠ ᠰᠤᠨᠤᠰᠳᠠᠵᠦ᠂ ᠠᠮᠢᠳᠤᠯᠢᠭ ᠰᠤᠨᠢᠷᠬᠠᠯᠳᠠᠢ ᠬᠡᠯᠡ ᠪᠢᠴᠢᠭ ᠤᠨ ᠬᠢᠴᠢᠶᠡᠯ ᠨᠢ ᠰᠤᠷᠤᠬᠴᠢᠳ ᠢ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢ ᠰᠤᠷᠤᠯᠴᠠᠬᠤ ᠪᠠᠭ᠋ᠠᠳᠠᠢ ᠪᠤᠯᠭᠠᠬᠰᠠᠨ ᠢᠶᠠᠷ ᠪᠠᠷᠠᠬᠤ ᠦᠬᠡᠢ ᠰᠤᠷᠤᠬᠴᠢᠳ ᠤᠨ ᠪᠤᠰᠤᠳ ᠲᠠᠢ ᠬᠠᠷᠢᠯᠴᠠᠬᠤ ᠴᠢᠳᠠᠪᠦᠷᠢ ᠪᠠ ᠵᠤᠬᠢᠶᠠᠨ ᠪᠢᠴᠢᠬᠦ ᠴᠢᠳᠠᠪᠦᠷᠢ ᠶᠢ ᠲᠡᠭᠡᠭᠰᠢᠯᠡᠬᠦᠯᠵᠡᠢ᠃
扎旗.jpg
                              ᠯᠢ ᠰᠢᠤᠸᠠᠢ ᠸᠠᠩ ᠲᠢᠶᠠᠨ ᠷᠤ᠋ ᠰᠡᠬᠦᠳᠡᠷᠯᠡᠨ ᠮᠡᠳᠡᠬᠡᠯᠡᠪᠡ       ᠡᠷᠳᠡ ᠶᠢᠨ 9 ᠴᠠᠭ 30 ᠮᠢᠨᠦ᠋ᠲ ᠲᠤ ᠢᠨᠳᠡᠷ ᠲᠠᠬᠢ ᠭᠤᠷᠪᠠᠳᠤᠭᠠᠷ ᠲᠤᠮᠳᠠᠳᠤ ᠰᠤᠷᠭᠠᠭᠤᠯᠢ ᠶᠢᠨ ᠬᠦᠷᠢᠶᠡᠨ ᠳᠤ ᠪᠦᠬᠦ ᠪᠠᠭᠰᠢ ᠰᠤᠷᠤᠬᠴᠢᠳ ᠲᠠᠮᠢᠷ ᠤᠨ ᠲᠠᠯᠠᠪᠦᠷ ᠲᠠᠭᠠᠨ ᠬᠤᠷᠠᠨ ᠴᠤᠭᠯᠠᠷᠠᠵᠤ ᠲᠡᠷᠢ ᠲᠡᠭᠰᠢ ᠮᠦᠷᠯᠡᠨ ᠵᠤᠬᠰᠤᠵᠦ᠂ ᠤᠯᠤᠰ ᠤᠨ ᠲᠤᠭ ᠮᠠᠨᠳᠤᠭᠤᠯᠬᠤ ᠶᠤᠰᠤᠯᠠᠯ ᠳᠤ ᠤᠷᠤᠯᠴᠠᠵᠦ ᠪᠠᠶᠢᠪᠠ᠃ ᠰᠦᠷ ᠵᠢᠪᠬᠤᠯᠠᠩᠳᠠᠢ ᠤᠯᠤᠰ ᠤᠨ ᠰᠦᠯᠳᠡ ᠲᠠᠭᠤᠤ ᠬᠠᠨᠭ᠍ᠬᠢᠨᠠᠵᠤ᠂ ᠲᠠᠪᠦᠨ ᠤᠳᠤᠳᠤ ᠤᠯᠠᠭᠠᠨ ᠲᠤᠭ ᠢ ᠦᠨᠳᠦᠷ ᠮᠠᠨᠳᠤᠭᠤᠯᠤᠨ᠂ ᠪᠠᠭᠰᠢ ᠰᠤᠷᠤᠬᠴᠢᠳ ᠲᠦᠪ ᠵᠤᠬᠰᠤᠵᠦ᠂ ᠡᠬᠡ ᠤᠯᠤᠰ ᠳᠠᠭᠠᠨ ᠬᠠᠶᠢᠷᠠᠳᠠᠢ ᠪᠠᠶᠢᠬᠤ ᠰᠡᠳᠬᠢᠯᠬᠡ ᠪᠠᠨ ᠢᠯᠡᠳᠬᠡᠵᠡᠢ᠃    ᠢᠨᠳᠡᠷ ᠲᠠᠬᠢ ᠨᠢᠭᠡᠳᠦᠭᠡᠷ ᠪᠠᠭ᠎ᠠ ᠰᠤᠷᠭᠠᠭᠤᠯᠢ ᠶᠢᠨ ᠠᠩᠬᠠᠨ ᠤ ᠬᠢᠴᠢᠶᠡᠯ ᠳᠤ ︽ᠨᠧ ᠵᠠ 2︾ ᠬᠡᠬᠦ ᠬᠡᠤᠬᠡᠯᠳᠡᠢ ᠵᠦᠴᠦᠬᠡ ᠶᠢᠨ ᠺᠢᠨᠤ᠋ ᠪᠠᠷ ᠦᠪᠡᠷᠮᠢᠴᠡ ᠮᠠᠲ᠋ᠧᠷᠢᠶᠠᠯ ᠪᠤᠯᠭᠠᠵᠦ᠂ ᠨᠧ ᠵᠠ ᠶᠢᠨ ᠨᠤᠭᠤᠷᠠᠰᠢ ᠦᠬᠡᠢ᠂ ᠡᠷᠡᠯᠬᠡᠭ ᠪᠠᠭᠠᠳᠤᠷᠯᠢᠭ ᠵᠤᠷᠢᠭ ᠰᠠᠨᠠᠭ᠎ᠠ ᠶᠢ ᠬᠢᠴᠢᠶᠡᠯ ᠤᠨ ᠠᠭᠤᠯᠭ᠎ᠠ ᠳᠠᠭᠠᠨ ᠠᠭᠤᠰᠤᠯᠴᠠᠭᠤᠯᠵᠠᠢ᠃ ᠡᠬᠦᠨ ᠤ ᠬᠠᠮᠳᠤ᠂ ᠠᠮᠢᠳᠤᠯᠢᠭ ᠬᠡᠷᠡᠭ ᠤᠨ ᠵᠢᠱᠢᠶ᠎ᠡ ᠪᠠ ᠰᠤᠨᠢᠷᠬᠠᠯᠳᠤ ᠬᠡᠤᠬᠡᠯᠳᠡᠢ ᠵᠦᠴᠦᠬᠡ ᠵᠡᠷᠭᠡ ᠶᠢ ᠠᠰᠢᠬᠯᠠᠵᠤ᠂ ᠰᠤᠷᠤᠬᠴᠢᠳ ᠲᠤ ᠰᠤᠷᠭᠠᠭᠤᠯᠢ ᠶᠢᠨ ᠬᠦᠷᠢᠶᠡᠨ ᠤ ᠠᠮᠦᠷ ᠲᠦᠪᠰᠢᠨ᠂ ᠵᠠᠮ ᠬᠠᠷᠢᠯᠴᠠᠭᠠᠨ ᠤ ᠠᠮᠦᠷ ᠲᠦᠪᠰᠢᠨ᠂ ᠭᠠᠯ ᠴᠠᠬᠢᠯᠭᠠᠨ ᠢ ᠰᠡᠷᠬᠡᠶᠢᠯᠡᠬᠦ ᠵᠡᠷᠭᠡ ᠠᠮᠦᠷ ᠲᠦᠪᠰᠢᠨ ᠤ ᠮᠡᠳᠡᠯᠬᠡ ᠶᠢ ᠨᠠᠷᠢᠯᠢᠭ ᠲᠠᠶᠢᠯᠪᠦᠷᠢᠯᠠᠵᠦ᠂ ᠰᠤᠷᠤᠬᠴᠢᠳ ᠤᠨ ᠠᠮᠦᠷ ᠲᠦᠪᠰᠢᠨ ᠤ ᠤᠬᠠᠮᠰᠠᠷ ᠢ ᠤᠯᠠᠮ ᠨᠢᠬᠡ ᠠᠯᠬᠤᠮ ᠲᠡᠭᠡᠭᠰᠢᠯᠡᠬᠦᠯᠵᠡᠢ᠃   
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号