ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/17
             3 ᠰᠠᠷ᠎ᠠ ᠶᠢᠨ 13 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2025 ᠣᠨ ᠤ ᠳᠣᠯᠣᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠥᠬᠦᠶ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠵᠢᠷᠤᠮ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ ᠪᠣᠯᠤᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠤᠨ ᠬᠥᠭᠵᠢᠭᠦᠯᠬᠦ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠂ ᠣᠷᠣᠨ ᠨᠤᠳᠤᠭ ᠤᠨ ᠠᠵᠤ ᠠᠬᠤᠶᠢᠯᠠᠯ ᠤᠨ ᠦᠢᠯᠡᠳᠬᠦᠨ ᠢ ᠤᠷᠢᠳᠠᠪᠠᠷ ᠰᠣᠩᠭᠤᠨ ᠬᠡᠷᠡᠭᠯᠡᠵᠦ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠲᠡᠮᠵᠢᠵᠤ᠂ ᠠᠵᠤ ᠦᠢᠯᠡᠰ ᠤᠨ ᠳᠡᠭᠡᠳᠦ ᠲᠡᠰᠵᠢᠭᠰᠡᠨ᠂ ᠪᠣᠬᠢᠷᠲᠤᠯ ᠦᠭᠡᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠬᠤ ᠬᠡᠷᠡᠭᠲᠡᠢ᠃     ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠠᠶᠢᠳᠤᠷ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯ ᠡᠭᠦᠷᠭᠡ ᠪᠣᠯᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠵᠤ᠂ ᠤᠯᠠᠨ ᠲᠦᠮᠡᠨ ᠤ ᠲᠤᠰᠬᠠᠭᠰᠠᠨ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠢ ᠲᠠᠷᠤᠶᠢᠬᠠᠨ ᠰᠢᠢᠳᠪᠦᠷᠢᠯᠡᠵᠦ᠂ ᠪᠦᠬᠦ ᠠᠷᠠᠳ ᠢᠶᠠᠷ ᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃     ᠬᠤᠷᠠᠯ ᠠᠴᠠ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ  ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ ᠡᠨᠡᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠰᠠᠶᠢᠳᠤᠷ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠭᠡᠬᠦ ᠡᠨᠡᠬᠦ ︽ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ︾ ︽ᠭᠤᠷᠪᠠᠨ ᠲᠥᠪ︾ ᠵᠡᠷᠭᠡ ᠥᠭᠡᠷᠡᠴᠢᠯᠡᠯᠲᠡ ᠶᠢᠨ ᠡᠭᠦᠷᠭᠡ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠲᠠᠶᠢᠴᠢᠯᠡᠨ ᠳᠠᠭᠠᠭᠤᠯᠬᠤ ᠶᠢ ᠴᠢᠩᠭᠠᠳᠬᠠᠵᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃     ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠡᠵᠡᠮᠳᠡᠵᠦ᠂ ︽ᠵᠢᠷᠭᠤᠭᠠᠨ ᠠᠵᠢᠯᠯᠠᠭ᠎ᠠ︾ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠡᠭᠦᠷᠭᠡ ᠶᠢᠨ ᠨᠠᠷᠢᠨ ᠲᠠᠩᠰᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠴᠢᠩᠭᠠᠳᠬᠠᠵᠠᠢ᠃      ᠬᠤᠷᠠᠯ ᠠᠴᠠ ᠪᠠᠰᠠ ᠪᠤᠰᠤᠳ ᠵᠤᠶᠢᠯᠡᠰ ᠢ ᠰᠤᠳᠤᠯᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号