ᠵᠠᠯᠠᠶᠢᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽3 · 15︾ ᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/17
     ᠣᠶᠢᠷ᠎ᠠ ᠳᠤ᠂ ᠵᠠᠯᠠᠶᠢᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠰᠡᠳᠬᠢᠯ ᠬᠠᠨᠤᠮᠵᠢᠲᠠᠶ ᠬᠡᠷᠡᠭᠯᠡᠭᠡ ᠶᠢ ᠬᠠᠮᠲᠤ ᠪᠠᠷ ᠴᠤᠭᠴᠠᠯᠠᠬᠤ︾ 2025 ᠣᠨ ᠤ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ  ᠤᠨ ᠡᠳᠦᠷ ᠢᠶᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠶᠡᠭᠡ ᠬᠡᠮᠵᠢᠶᠡᠨ ᠤ ᠣᠯᠠᠨ ᠲᠦᠮᠡᠨ ᠤ ᠠᠩᠬᠠᠷᠤᠯ ᠢ ᠲᠠᠲᠠᠵᠤ᠂ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠠᠰᠠᠭᠤᠨ ᠯᠠᠪᠯᠠᠬᠤ ᠲᠠᠪᠴᠠᠩ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠪᠠᠷ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠪᠡ᠃ ᠦᠷᠭᠦᠯᠵᠢ ᠲᠣᠬᠢᠶᠠᠯᠳᠤᠳᠠᠭ ᠬᠡᠷᠡᠭᠯᠡᠭᠡᠨ ᠤ ᠤᠨᠠᠭᠤᠯᠢ ᠶᠢᠨ ᠲᠣᠭᠤᠷᠢᠨ ᠳᠤ᠂ ᠵᠢᠱᠢᠶᠡᠯᠡᠪᠡᠯ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ ᠮᠡᠬᠡᠯᠡᠯ᠂ ᠬᠤᠳᠠᠯ ᠬᠠᠭᠤᠷᠮᠠᠭ ᠵᠠᠷ ᠮᠡᠳᠡᠭᠡᠨ ᠤ ᠤᠬᠠᠭᠤᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ᠂ ᠠᠵᠢᠯᠲᠠᠳ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ᠣᠯᠠᠨ ᠲᠦᠮᠡᠨ ᠳᠤ ᠬᠡᠷᠬᠢᠨ ᠢᠯᠭᠠᠨ ᠲᠠᠨᠢᠬᠤ ᠪᠠ ᠰᠡᠷᠭᠡᠶᠢᠯᠡᠬᠦ ᠲᠤᠬᠠᠶ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠨ ᠥᠭᠴᠦ ᠂ ᠣᠯᠠᠨ ᠲᠦᠮᠡᠨ ᠤ ᠡᠷᠬᠡ ᠠᠰᠢᠭ ᠬᠤᠬᠢᠷᠠᠯ ᠳᠤ ᠤᠴᠠᠷᠠᠬᠤ ᠦᠶ᠎ᠡ ᠳᠤ᠂ ᠬᠠᠤᠯᠢ ᠴᠠᠭᠠᠵᠠ ᠶᠢᠨ ᠵᠡᠪᠰᠡᠭ ᠢᠶᠠᠷ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠡᠷᠬᠢᠨ ᠬᠠᠮᠠᠭᠠᠯᠠᠬᠤ ᠶᠢ ᠵᠢᠯᠣᠭᠤᠳᠪᠠ᠃     ᠣᠶᠢᠯᠠᠭᠠᠭᠰᠠᠨ ᠢᠶᠠᠷ᠂ ᠲᠣᠰ ᠤᠳᠠᠭᠠᠨ ᠤ ︽ᠰᠡᠳᠬᠢᠯ ᠬᠠᠨᠤᠮᠵᠢᠲᠠᠶ ᠬᠡᠷᠡᠭᠯᠡᠭᠡ ᠶᠢ ᠬᠠᠮᠲᠤ ᠪᠠᠷ ᠴᠣᠭᠴᠠᠯᠠᠬᠤ ︾ 2025 ᠣᠨ ᠤ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠳᠤ ᠤᠬᠠᠭᠤᠯᠭ᠎ᠠ ᠶᠢᠨ ᠮᠠᠲ᠋ᠧᠷᠢᠶᠠᠯ ᠢ 2000 ᠭᠠᠷᠤᠶ ᠬᠤᠪᠢ ᠲᠠᠷᠬᠠᠭᠠᠵᠤ᠂ ᠠᠵᠢᠯᠯᠠᠭ᠎ᠠ ᠳᠤ 500 ᠭᠠᠷᠤᠶ ᠬᠥᠮᠦᠨ ᠣᠷᠣᠯᠴᠠᠵᠠᠶ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号