︽ᠪᠥᠬᠦ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠣᠶᠤᠨᠲᠦ 315 ᠲᠠᠪᠴᠠᠩ︾ ᠵᠢᠩᠬᠢᠨᠢ ᠪᠠᠷ ᠨᠡᠪᠲᠡᠷᠡᠵᠡᠢ
ᠨᠡᠶᠢᠲᠡᠯᠡᠭᠰᠡᠨ ᠴᠠᠭ᠄
2025/3/18
      ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠠᠴᠠ ᠪᠥᠬᠦ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ᠪᠠᠶᠢᠭᠤᠯᠤᠭᠰᠠᠨ ︽ᠪᠥᠬᠦ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠣᠶᠤᠨᠲᠦ 315 ᠲᠠᠪᠴᠠᠩ︾᠎ ᠢ 3 ᠰᠠᠷ᠎ᠠ ᠶᠢᠨ 15᠎ ᠤ ᠡᠳᠦᠷ ᠵᠢᠩᠬᠢᠨᠢ ᠪᠠᠷ ᠨᠡᠪᠲᠡᠷᠡᠭᠦᠯᠪᠡ᠃     ᠲᠠᠨᠢᠯᠴᠠᠭᠤᠯᠤᠭᠰᠠᠨ ᠢᠶᠠᠷ᠂ ᠡᠨᠡ ᠬᠦ ᠲᠠᠪᠴᠠᠩ ᠢ 2024 ᠣᠨ ᠤ 3 ᠰᠠᠷ᠎ᠠ ᠶᠢᠨ 15᠎ ᠠᠴᠠ ᠡᠬᠢᠯᠡᠨ ᠲᠤᠷᠰᠢᠨ ᠠᠵᠢᠯᠯᠠᠭᠤᠯᠵᠤ᠂ ᠨᠢᠭᠡ ᠵᠢᠯ ᠤᠨ ᠲᠤᠷᠰᠢ ᠳᠠᠩᠰᠠᠯᠠᠭᠤᠯᠤᠭᠰᠠᠨ ᠬᠡᠷᠡᠭᠯᠡᠭᠴᠢ ᠨᠡᠶᠢᠲᠡ 702786 ᠬᠥᠮᠥᠨ ᠪᠠᠶᠢᠵᠤ᠂ ᠲᠠᠪᠴᠠᠩ ᠳᠤ ᠤᠷᠤᠵᠤ ᠰᠠᠭᠤᠨ ᠡᠵᠡᠩᠨᠡᠭᠴᠢ 42913 ᠪᠠᠶᠢᠵᠤ᠂ ᠬᠡᠷᠡᠭᠯᠡᠭᠴᠢᠳ ᠤᠨ ᠰᠦᠯᠵᠢᠶᠡᠨ ᠳᠡᠭᠡᠷᠡᠬᠢ ᠵᠠᠭᠠᠯᠳᠤᠯᠭ᠎ᠠ ᠪᠠ ᠯᠠᠪᠯᠠᠭ᠎ᠠ ᠶᠢ ᠨᠡᠶᠢᠲᠡ 585387 ᠬᠤᠪᠢ ᠭᠥᠯᠢᠶᠡᠨ ᠠᠪᠴᠦ᠂ ᠡᠭᠦᠨ ᠳᠤ ᠵᠠᠭᠠᠯᠳᠤᠯᠭ᠎ᠠ 576911 ᠬᠤᠪᠢ ᠪᠠᠶᠢᠵᠤ᠂ 510126 ᠬᠤᠪᠢ ᠶᠢ ᠨᠢ ᠨᠢᠭᠡᠨᠲᠡ ᠰᠶᠢᠳᠪᠦᠷᠢᠯᠡᠵᠦ᠂ ᠬᠡᠷᠡᠭᠯᠡᠭᠴᠢᠳ ᠲᠤ 4.1 ᠳ᠋ᠦᠩᠰᠢᠭᠤᠷ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠭᠰᠠᠨ ᠪᠠᠶᠢᠨ᠎ᠠ᠃     ᠲᠤᠷᠰᠢᠨ ᠠᠵᠢᠯᠯᠠᠭᠤᠯᠬᠤ ᠱᠠᠲᠤᠨ ᠳᠤ᠂ ᠲᠠᠪᠴᠠᠩ ᠨᠢ ᠬᠡᠷᠡᠭᠯᠡᠭᠴᠢᠳ ᠤᠨ ᠰᠦᠯᠵᠢᠶᠡᠨ ᠳᠡᠭᠡᠷᠡᠬᠢ ᠵᠠᠭᠠᠯᠳᠤᠯᠭ᠎ᠠ ᠶᠢ ᠰᠠᠭᠠᠳ ᠦᠭᠡᠢ ᠨᠡᠪᠲᠡᠷᠡᠭᠦᠯᠬᠦ᠂ ᠰᠦᠯᠵᠢᠶᠡᠨ ᠳᠡᠭᠡᠷᠡᠬᠢ ᠡᠶᠡᠳᠡᠭᠦᠯᠭᠡ ᠶᠢ ᠨᠡᠪᠲᠡᠷᠡᠭᠦᠯᠬᠦ᠂ ᠰᠦᠯᠵᠢᠶᠡᠨ ᠳᠡᠭᠡᠷᠡᠬᠢ ᠡᠶᠡᠳᠡᠭᠦᠯᠭᠡ ᠶᠢᠨ ᠶᠠᠪᠤᠴᠠ ᠶᠢ ᠨᠡᠪᠲᠡᠷᠡᠭᠦᠯᠬᠦ᠂ ᠣᠨᠴᠠᠭᠠᠶ ᠬᠡᠷᠡᠭ ᠢ ᠵᠠᠷᠯᠠᠨ ᠨᠡᠶᠢᠲᠡᠯᠡᠬᠦ ᠵᠡᠷᠭᠡ ᠴᠢᠳᠠᠮᠵᠢ ᠶᠢ ᠪᠡᠶᠡᠯᠡᠭᠦᠯᠵᠡᠢ᠃ ᠲᠠᠷᠠᠭᠠᠴᠢ ᠶᠢᠨ ᠠᠯᠬᠤᠮ ᠳᠤ᠂ ᠣᠶᠤᠨᠴᠢᠯᠠᠬᠤ ᠪᠠ ᠬᠠᠮᠲᠤ ᠪᠠᠷ ᠵᠠᠰᠠᠬᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ DeepSeek᠎ ᠤᠨ ᠬᠡᠷᠡᠭᠯᠡᠭᠴᠢᠳ ᠲᠤ ᠬᠠᠨᠳᠤᠭᠤᠯᠤᠭᠰᠠᠨ ᠣᠶᠤᠨᠴᠢ ᠠᠰᠠᠭᠤᠯᠲᠠ ᠬᠠᠷᠢᠭᠤᠯᠲᠠ ᠶᠢ ᠪᠡᠶᠡᠯᠡᠭᠦᠯᠬᠦ ᠶᠢ ᠪᠠᠶᠢᠷᠢᠯᠠᠭᠤᠯᠵᠤ᠂ ᠰᠢᠨ᠎ᠡ ᠪᠠᠷ ᠨᠡᠮᠡᠭᠳᠡᠭᠰᠡᠨ ᠠᠵᠢᠯ ᠲᠥᠷᠥᠯ ᠤᠨ ᠵᠠᠷᠯᠠᠯ᠂ ᠵᠢᠭᠠᠯᠲᠠ ᠲᠤᠭ᠎ᠠ ᠶᠢᠨ ᠵᠠᠷᠯᠠᠯ᠂ ᠬᠠᠮᠵᠢᠯᠴᠠᠨ ᠬᠠᠮᠲᠤ ᠪᠠᠷ ᠵᠠᠰᠠᠬᠤ ᠵᠡᠷᠭᠡ ᠴᠢᠳᠠᠮᠵᠢ ᠶᠢ ᠰᠢᠯᠢᠳᠡᠭᠵᠢᠭᠦᠯᠬᠦ ᠪᠤᠯᠤᠨ᠎ᠠ᠃     ᠠᠵᠢᠯ ᠲᠥᠷᠥᠯ ᠤᠨ ᠵᠠᠷᠯᠠᠯ ᠪᠠ ᠵᠢᠭᠠᠯᠲᠠ ᠲᠤᠭ᠎ᠠ ᠶᠢᠨ ᠵᠠᠷᠯᠠᠯ ᠪᠣᠯ ᠲᠤᠰ ᠤᠳᠠᠭᠠᠨ ᠤ ᠰᠢᠨ᠎ᠡ ᠪᠠᠷ ᠨᠡᠪᠲᠡᠷᠡᠭᠦᠯᠦᠭᠰᠡᠨ ᠴᠢᠳᠠᠮᠵᠢ ᠪᠠᠶᠢᠵᠤ᠂ ᠡᠵᠡᠩᠨᠡᠭᠴᠢᠳ ᠤᠨ ᠡᠶᠡᠳᠡᠬᠦᠯᠭᠡ ᠶᠢᠨ ᠱᠠᠲᠤᠨ ᠳᠠᠬᠢ ᠰᠶᠢᠳᠪᠦᠷᠢᠯᠡᠬᠦ ᠬᠦᠴᠦᠨ ᠲᠠᠢ ᠬᠤᠭᠤᠴᠠᠭ᠎ᠠ᠂ ᠡᠶᠡᠳᠡᠬᠦᠯᠭᠡ ᠶᠢᠨ ᠪᠦᠲᠦᠮᠵᠢ ᠶᠢᠨ ᠨᠣᠷᠮ᠎ᠠ ᠵᠢᠴᠢ ᠡᠶᠡᠳᠡᠭᠦᠯᠭᠡ ᠶᠢᠨ ᠱᠠᠲᠤᠨ ᠳᠠᠬᠢ ᠬᠠᠮᠵᠢᠯᠴᠠᠬᠤ ᠬᠡᠮᠵᠢᠶ᠎ᠡ᠂ ᠡᠶᠡᠳᠡᠭᠦᠯᠬᠡ ᠶᠢᠨ ᠪᠦᠲᠦᠮᠵᠢ ᠶᠢᠨ ᠨᠣᠷᠮ᠎ᠠ ᠵᠡᠷᠭᠡ ᠠᠳᠠᠯᠢ ᠪᠤᠰᠤ ᠦᠷᠭᠡᠴᠡ ᠳᠤ ᠬᠤᠪᠢ ᠥᠭᠴᠦ᠂ ᠵᠠᠭᠠᠯᠳᠤᠯᠭ᠎ᠠ ᠶᠢ ᠰᠶᠢᠳᠪᠦᠷᠢᠯᠡᠬᠦ ᠢᠯᠡᠳᠬᠡᠭᠴᠢ ᠶᠢᠨ ᠬᠤᠪᠢ ᠲᠣᠭᠲᠠᠭᠠᠬᠤ᠂ ᠠᠵᠢᠯ ᠲᠥᠷᠥᠯ ᠤᠨ ᠵᠢᠭᠰᠠᠭᠠᠯᠲᠠ ᠪᠠ ᠡᠵᠡᠩᠨᠡᠭᠴᠢ ᠶᠢᠨ ᠬᠦᠷᠦᠭ ᠵᠢᠷᠤᠭ ᠢ ᠪᠦᠷᠢᠯᠳᠦᠭᠦᠯᠵᠦ᠂ ᠢᠯᠡᠳᠬᠡᠭᠴᠢ ᠶᠢᠨ ᠬᠤᠪᠢ ᠲᠤᠭᠲᠠᠭᠠᠬᠤ ᠶᠢ ᠲᠤᠭᠲᠠᠭᠰᠠᠨ ᠴᠠᠭ ᠲᠤ ᠰᠢᠨᠡᠳᠬᠡᠬᠦ ᠪᠠᠷ ᠳᠠᠮᠵᠢᠭᠤᠯᠤᠨ᠂ ᠵᠠᠭᠠᠯᠳᠤᠯᠭ᠎ᠠ ᠨᠢᠭᠡᠪᠦᠷᠢ ᠶᠢ ᠡᠵᠡᠩᠨᠡᠭᠴᠢᠳ ᠤᠨ ᠢᠯᠡᠳᠬᠡᠭᠴᠢ ᠶᠢᠨ ᠬᠤᠪᠢ ᠲᠤᠭᠲᠠᠭᠠᠬᠤ ᠲᠠᠢ ᠨᠢᠭᠲᠠ ᠬᠤᠯᠪᠣᠵᠤ᠂ ᠡᠵᠡᠩᠨᠡᠭᠴᠢᠳ ᠤᠨ ᠵᠠᠭᠠᠯᠳᠤᠯᠭ᠎ᠠ ᠳᠤ ᠬᠢᠨᠠᠮᠠᠭᠠᠢ ᠬᠠᠨᠳᠤᠬᠤ ᠪᠠ ᠵᠣᠬᠢᠰᠲᠠᠢ ᠰᠶᠢᠳᠪᠦᠷᠢᠯᠡᠬᠦ ᠶᠢ ᠭᠡᠳᠡᠷᠭᠦ ᠰᠢᠬᠠᠮᠳᠠᠭᠤᠯᠵᠤ᠂ ᠬᠡᠷᠡᠭᠯᠡᠭᠴᠢᠳ ᠲᠤ ᠡᠵᠡᠩᠨᠡᠭᠴᠢᠳ ᠤᠨ ᠵᠠᠭᠠᠯᠳᠤᠯᠭ᠎ᠠ ᠶᠢ ᠰᠶᠢᠳᠪᠦᠷᠢᠯᠡᠭᠰᠡᠨ ᠪᠠᠶᠢᠳᠠᠯ ᠢ ᠣᠶᠢᠯᠠᠭᠠᠭᠤᠯᠵᠤ᠂ ᠪᠦᠲᠦᠮᠵᠢᠲᠡᠢ ᠪᠠᠶᠢᠳᠠᠯ ᠢ ᠮᠡᠳᠡᠭᠦ᠂ ᠪᠡᠶ᠎ᠡ ᠪᠠᠨ ᠳᠠᠭᠠᠭᠠᠵᠤ ᠬᠡᠷᠡᠭᠯᠡᠭᠡ ᠬᠢᠬᠦ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠪᠣᠯᠣᠨ᠎ᠠ᠃       ᠬᠡᠷᠡᠭᠯᠡᠭᠴᠢᠳ ᠺᠣᠮᠫᠢᠦ᠋ᠲ᠋ᠧᠷ ᠢᠶᠠᠷ ᠳᠠᠮᠵᠢᠨ ᠰᠦᠯᠵᠢᠶᠡᠨ ᠤ ᠬᠠᠶ᠋ᠢᠭ ᠪᠤᠶᠤ ᠭᠠᠷ ᠤᠲᠠᠰᠤ ᠪᠠᠷ ᠳᠠᠮᠵᠢᠨ ᠵᠢᠷᠭᠢᠶ᠎ᠡ᠂ ᡁᠢ ᠹᠦ᠋ ᠪᠤᠤ ᠪᠠᠷ ᠳᠠᠮᠵᠢᠭᠤᠯᠤᠨ ︽ᠬᠡᠷᠡᠭᠯᠡᠭᠴᠢᠳ ᠤᠨ ᠨᠡᠶᠢᠭᠡᠮᠯᠢᠭ 315︾ ᠵᠢᠵᠢᠭ ᠫᠷᠣᠭ᠍ᠷᠠᠮ ᠤᠨ ᠳᠠᠩᠰᠠᠯᠠᠯᠲᠠ ᠶᠢᠨ ᠲᠠᠪᠴᠠᠩ ᠢ ᠬᠠᠶᠢᠵᠤ ᠪᠣᠯᠣᠨ᠎ᠠ᠃ ᠳᠠᠩᠰᠠᠯᠠᠭᠤᠯᠵᠤ ᠨᠡᠪᠲᠡᠷᠡᠭᠰᠡᠨ ᠤ ᠳᠠᠷᠠᠭ᠎ᠠ᠂ ︽ᠪᠢ ᠵᠠᠭᠠᠯᠳᠤᠨ᠎ᠠ︾᠂ ︽ᠪᠢ ᠯᠠᠪᠯᠠᠭ᠎ᠠ ᠬᠢᠨ᠎ᠠ︾ ᠬᠡᠰᠡᠭ ᠲᠤ ᠤᠷᠤᠵᠦ ᠰᠦᠯᠵᠢᠶᠡᠨ ᠳᠡᠭᠡᠷ᠎ᠡ ᠵᠠᠭᠠᠯᠳᠤᠬᠤ ᠪᠠ ᠠᠰᠠᠭᠤᠨ ᠯᠠᠪᠯᠠᠵᠤ᠂ ᠬᠡᠷᠡᠭᠯᠡᠭᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡ ᠶᠢ ᠣᠶᠢᠯᠠᠭᠠᠵᠤ ᠪᠣᠯᠣᠨ᠎ᠠ᠃ ᠲᠠᠪᠴᠠᠩ ᠳᠤ ᠪᠠᠰᠠ ︽ᠬᠡᠷᠡᠭᠯᠡᠭᠴᠢᠳ ᠤᠨ ᠨᠡᠶᠢᠭᠡᠮᠯᠢᠭ ᠲᠠᠨ ᠢ ᠬᠠᠪᠰᠤᠷᠤᠨ ᠪᠠᠶᠢᠴᠠᠭᠠᠨ᠎ᠠ︾᠂ ︽ᠬᠡᠷᠡᠭᠯᠡᠭᠴᠢᠳ ᠤᠨ ᠨᠡᠶᠢᠭᠡᠮᠯᠢᠭ ᠲᠠᠨ ᠢ ᠬᠠᠪᠰᠤᠷᠤᠨ ᠰᠤᠩᠭᠤᠨ᠎ᠠ︾ ᠵᠡᠷᠭᠡ ᠬᠡᠰᠡᠭ ᠢ ᠲᠤᠬᠢᠷᠠᠭᠤᠯᠵᠤ᠂ ᠬᠡᠷᠡᠭᠯᠡᠭᠴᠢᠳ ᠲᠤ ᠠᠵᠤ ᠠᠬᠤᠶᠢᠯᠠᠯ ᠤᠨ ᠦᠢᠯᠡᠴᠢᠯᠡᠭᠡᠨ ᠤ ᠬᠠᠷᠢᠯᠴᠠᠬᠤ ᠠᠷᠭ᠎ᠠ ᠬᠡᠯᠪᠡᠷᠢ᠂ ᠲᠠᠸᠠᠷ ᠤᠨ ᠬᠠᠷᠢᠴᠠᠭᠤᠯᠤᠭᠰᠠᠨ ᠲᠤᠷᠰᠢᠯᠲᠠ ᠶᠢᠨ ᠦᠷ᠎ᠡ ᠳ᠋ᠦᠩ ᠵᠡᠷᠭᠡ ᠰᠤᠷᠠᠭ ᠵᠠᠩᠭᠢ ᠶᠢ ᠬᠠᠩᠭᠠᠵᠤ ᠪᠠᠶᠢᠨ᠎ᠠ᠃ 
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号