| | ᠰᠣᠶᠣᠯ ᠤᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠬᠠᠮᠠᠭᠠᠯᠠᠵᠤ᠂ | ᠰᠤᠷᠲᠠᠯ ᠴᠢᠬᠡᠴᠢ ᠣᠪᠣᠷ ᠲᠥᠪ ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠬᠤ ᠪᠠᠷ᠂ ᠣᠶᠢᠷ᠎ᠠ ᠳᠤ᠂ | ᠵᠠᠯᠠᠶᠢᠳ ᠬᠤᠰᠢᠭᠤᠨ ᠤ ᠠᠯᠳᠠᠷᠳᠤ ᠰᠤᠮᠤ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ | ᠴᠣᠬᠢᠯᠲᠠ ᠥᠭᠬᠦ︾ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ | ᠪᠠᠶᠢᠴᠠᠭᠠᠯᠲᠠ ᠶᠢᠨ ᠳᠤᠮᠳᠠ᠂ ᠠᠵᠢᠯᠲᠠᠳ ᠬᠠᠷᠢᠶ᠎ᠠ ᠣᠷᠣᠨ ᠤ ᠪᠠᠨ ᠰᠣᠶᠣᠯ ᠤᠨ ᠬᠡᠷᠡᠭᠰᠡᠯ ᠤᠨ ᠳᠡᠯᠭᠡᠭᠦᠷ ᠢ | ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠬᠦᠷᠦᠭᠰᠡᠨ ᠭᠠᠵᠠᠷ ᠪᠣᠯᠭᠠᠨ ᠳᠤ᠂ ᠠᠵᠢᠯᠲᠠᠳ ᠴᠥᠮ | ᠲᠣᠭᠲᠠᠭᠠᠯ ᠠᠴᠠ ᠵᠥᠷᠢᠴᠡᠨ ᠡᠵᠡᠩᠨᠡᠭᠰᠡᠨ ᠡᠰᠡᠬᠦ᠂ ᠬᠠᠤᠯᠢ ᠪᠤᠰᠤ ᠪᠤᠶᠤ ᠬᠤᠯᠠᠭᠠᠶᠢᠯᠠᠨ ᠬᠡᠪᠯᠡᠭᠰᠡᠨ ᠬᠡᠪᠯᠡᠭᠳᠡᠬᠦᠨ | ᠣᠷᠣᠰᠢᠵᠤ ᠪᠠᠶᠢᠬᠤ ᠡᠰᠡᠬᠦ᠂ ᠬᠢᠯᠢ ᠶᠢᠨ ᠭᠠᠳᠠᠨᠠᠬᠢ ᠨᠣᠮ ᠪᠢᠴᠢᠭ᠂ ᠹᠧᠣᠳᠠᠯ ᠤᠨ ᠮᠤᠬᠤᠷ ᠪᠢᠰᠢᠷᠡᠯ ᠤᠨ | ᠲᠦᠷᠦᠯ ᠤᠨ ᠨᠣᠮ ᠪᠢᠴᠢᠭ ᠢ ᠬᠤᠳᠠᠯᠳᠤᠭᠰᠠᠨ ᠡᠰᠡᠬᠦ᠂ ᠮᠠᠭᠤ ᠤᠷᠠᠴᠤᠳ ᠪᠠ ᠲᠤᠷ᠎ᠠ ᠪᠠᠷ ᠢᠶᠠᠨ ᠦᠢᠯᠡᠳᠦᠭᠰᠡᠨ | ᠮᠠᠭᠤ ᠦᠢᠯᠡᠳᠬᠦᠨ ᠪᠠᠶᠢᠬᠤ ᠡᠰᠡᠬᠦ ᠶᠢᠨ ᠬᠠᠮᠲᠤ ᠡᠵᠡᠩᠨᠡᠭᠴᠢᠳ ᠲᠤ ︽ᠱᠠᠯᠢᠭ ᠵᠠᠪᠬᠠᠶ ᠶᠢ ᠠᠷᠢᠯᠭᠠᠵᠤ ᠬᠠᠤᠯᠢ | ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠮᠡᠳᠡᠯᠭᠡ ᠶᠢ ᠲᠦᠭᠡᠮᠡᠯᠵᠢᠭᠦᠯᠵᠠᠢ᠃ ᠬᠠᠤᠯᠢ ᠪᠤᠰᠤ ᠬᠡᠪᠯᠡᠭᠳᠡᠬᠦᠨ ᠤ ᠬᠤᠣᠷ ᠬᠥᠨᠥᠭᠡᠯᠳᠦ ᠴᠢᠨᠠᠷ ᠵᠢᠴᠢ ᠢᠯᠭᠠᠨ | ᠲᠠᠨᠢᠬᠤ ᠤᠷ᠎ᠠ ᠮᠡᠷᠭᠡᠵᠢᠯ ᠢ ᠲᠠᠶᠢᠯᠪᠤᠷᠢᠯᠠᠨ ᠦᠭᠴᠤ᠂ ᠡᠵᠡᠩᠨᠡᠭᠴᠢᠳ ᠤᠨ ᠬᠠᠤᠯᠢ ᠶᠣᠰᠣᠭᠠᠷ ᠡᠵᠡᠩᠨᠡᠬᠦ᠂ | ᠬᠠᠤᠯᠢ ᠶᠢ ᠰᠠᠬᠢᠵᠤ ᠡᠵᠡᠩᠨᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠬᠠᠮᠲᠤ ᠡᠵᠡᠩᠨᠡᠭᠴᠢᠳ ᠢ ᠵᠣᠷᠢᠭᠵᠢᠭᠤᠯᠤᠨ ᠬᠠᠤᠯᠢ | ᠪᠤᠰᠤ ᠬᠡᠪᠯᠡᠭᠳᠡᠬᠦᠨ ᠤ ᠰᠦᠪᠡᠭᠴᠢ ᠶᠢ ᠢᠳᠡᠪᠬᠢᠲᠡᠶ ᠢᠯᠡᠴᠢᠯᠡᠨ ᠮᠡᠳᠡᠭᠦᠯᠵᠦ᠂ ᠠᠷᠢᠭᠤᠨ ᠴᠢᠬᠡᠴᠢ ᠨᠡᠶᠢᠭᠡᠮ ᠤᠨ | ᠰᠣᠶᠣᠯ ᠤᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠪᠠ᠃ |