ᠬᠡᠷᠡᠭᠯᠡᠭᠡ ᠶᠢᠨ ᠲᠠᠯᠳᠠ ᠴᠢᠳᠠᠪᠤᠷᠢ ᠶᠢ ᠬᠦᠭᠵᠢᠭᠡᠡ ᠠᠵᠦ ᠠᠬᠤᠢ ᠶᠢᠨ ᠡᠷᠬᠢᠯᠳᠡ ᠶᠢ ᠰᠢᠯᠤᠭᠤᠳᠬᠠᠨ᠎ᠠ
ᠨᠡᠶᠢᠲᠡᠯᠡᠭᠰᠡᠨ ᠴᠠᠭ᠄
2025/3/25
     ᠬᠡᠷᠡᠭᠯᠡᠭᠡ ᠪᠣᠯ ᠠᠵᠤ ᠠᠬᠤᠶ ᠶᠢᠨ ᠨᠡᠮᠡᠭᠳᠡᠯ ᠤᠨ ︽ᠲᠣᠭᠲᠠᠪᠤᠷᠢᠵᠢᠭᠤᠯᠤᠭᠴᠢ︾ ᠪᠠ ︽ᠰᠠᠭᠤᠷᠢ ᠴᠢᠯᠠᠭᠤ︾ ᠮᠦᠨ᠃ ᠨᠢᠳᠤᠨᠤᠨ ᠵᠢᠯ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ᠠᠴᠠ ᠪᠦᠬᠦ ᠲᠠᠯ᠎ᠠ ᠶᠢ ᠲᠥᠯᠥᠪᠵᠢᠭᠦᠯᠬᠦ᠂ ᠭᠤᠣᠯᠳᠠᠯᠭ᠎ᠠ ᠶᠢ ᠠᠳᠬᠤᠬᠤ᠂ ᠤᠨᠴᠠᠯᠢᠭ ᠢ ᠡᠬᠦᠳᠬᠦ ᠶᠢ ᠪᠠᠷᠢᠮᠳᠠᠯᠠᠵᠦ᠂ ᠠᠯᠢ ᠤᠯᠠᠨ ᠬᠡᠷᠡᠭᠯᠡᠭᠡᠨ ᠤ ᠲᠦᠷᠦ ᠶᠢᠨ ᠪᠤᠳᠤᠯᠭ᠎ᠠ ᠶᠢ ᠪᠤᠳᠠᠳᠠᠢ ᠨᠠᠶᠢᠳᠠᠪᠤᠷᠢᠵᠢᠭᠤᠯᠤᠭᠰᠠᠨ ᠠᠴᠠ ᠬᠡᠷᠡᠭᠯᠡᠭᠡᠨ ᠤ ᠵᠠᠬ᠎ᠠ ᠲᠡᠯᠭᠡᠬᠦᠷ ᠶᠡᠷᠦᠩᠭᠡᠢ ᠳᠡᠭᠡᠨ ᠲᠤᠭᠳᠠᠭᠤᠨ ᠢᠶᠠᠷ ᠨᠡᠮᠡᠭᠳᠡᠬᠦ ᠬᠠᠨᠳᠤᠰᠢ ᠢᠯᠡᠷᠡᠵᠦ᠂ ᠬᠡᠷᠡᠭᠯᠡᠭᠡᠨ ᠤ ᠤᠷᠴᠢᠨ ᠲᠤᠭᠤᠷᠢᠨ ᠢ ᠲᠠᠰᠤᠷᠠᠯᠳᠠ ᠦᠭᠡᠢ ᠰᠢᠯᠢᠳᠡᠭᠵᠢᠬᠦᠯᠵᠦ᠂ ᠬᠡᠷᠡᠭᠯᠡᠭᠡᠨ ᠤ ᠵᠠᠬ᠎ᠠ ᠲᠡᠯᠭᠡᠬᠦᠷ ᠠᠮᠢᠵᠢᠷᠠᠯ ᠤᠨ ᠬᠦᠴᠦᠨ ᠢᠶᠠᠷ ᠪᠢᠯᠬᠠᠪᠠ᠃     106 ᠵᠦᠢᠯ ᠤᠨ ᠰᠢᠨ᠎ᠡ ᠶᠢ ᠡᠭᠦᠳᠬᠦ ᠲᠦᠷᠢᠮ ᠢ ᠲᠡᠯᠭᠡᠷᠡᠬᠦᠯᠪᠡ     ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠤᠪᠴᠢᠶ᠎ᠠ ᠠᠴᠠ ᠲᠦᠷᠦᠬᠦᠯᠡᠨ ︽2024 ᠤᠨ ᠤ ᠬᠢᠩᠭᠠᠨ ᠠᠶᠢᠮᠠᠭ ᠤᠨ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠬᠡᠷᠡᠭᠵᠢᠬᠦᠯᠬᠦ ᠲᠦᠰᠦᠯ︾ ᠵᠢᠴᠢ ᠭᠤᠤᠯᠳᠠᠯᠭ᠎ᠠ ᠲᠠᠢ ᠲᠦᠷᠦᠯ ᠵᠦᠢᠯ᠂ ᠭᠤᠤᠯᠳᠠᠯᠭ᠎ᠠ ᠲᠠᠢ ᠡᠬᠦᠷᠭᠡ ᠶᠢᠨ ᠨᠠᠷᠢᠨ ᠲᠠᠩᠰᠠ ᠳᠤ ᠵᠠᠰᠠᠪᠤᠷᠢ ᠤᠷᠤᠭᠤᠯᠵᠦ᠂ ᠠᠶᠢᠮᠠᠭ ᠤᠨ ᠱᠠᠲᠤᠨ ᠠᠴᠠ ᠲᠤᠬᠢᠷᠠᠭᠤᠯᠤᠯᠳᠠ ᠬᠢᠭᠰᠡᠨ ᠭᠤᠤᠯᠳᠠᠯᠭ᠎ᠠ ᠲᠠᠢ ᠡᠬᠦᠷᠭᠡ ᠶᠢᠨ 8 ᠲᠠᠯ᠎ᠠ ᠶᠢᠨ 38 ᠵᠦᠢᠯ ᠢ ᠡᠮᠬᠢᠯᠡᠨ ᠲᠢᠭᠯᠡᠵᠦ᠂ ᠤᠳᠤ ᠨᠢᠭᠡᠨᠳᠡ ᠪᠦᠬᠦᠨ ᠢ ᠪᠡᠶᠡᠯᠡᠬᠦᠯᠪᠡ᠃ ︽ᠥᠪᠥᠷ ᠮᠣᠩᠭᠤᠯ ᠤᠨ ᠴᠢᠯᠥᠭᠡᠲᠦ ᠠᠷᠠᠯᠵᠢᠶᠠᠨ ᠤ ᠣᠷᠣᠨ ᠤ ᠬᠢᠩᠭᠠᠨ ᠠᠶᠢᠮᠠᠭ ᠤᠨ ᠬᠠᠮᠵᠢᠯᠴᠠᠨ ᠨᠡᠭᠡᠭᠡᠯᠳᠡ ᠬᠢᠬᠦ᠂ ᠬᠤᠯᠪᠤᠭᠠᠯᠠᠨ ᠬᠦᠭᠵᠢᠬᠦ ᠠᠵᠢᠯᠯᠠᠭ᠎ᠠ ᠶᠢᠨ ᠲᠦᠰᠦᠯ︾᠎ ᠢ ᠲᠦᠷᠦᠬᠦᠯᠡᠨ ᠲᠤᠭᠳᠠᠭᠠᠵᠦ᠂ ᠤᠯᠤᠰ ᠤᠨ ᠲᠡᠰ ᠤᠨ ᠴᠢᠯᠦᠭᠡᠳᠦ ᠠᠷᠠᠯᠵᠢᠶᠠᠨ ᠤ ᠤᠷᠤᠨ ᠤ ᠰᠢᠨ᠎ᠡ ᠶᠢ ᠡᠬᠦᠳᠭᠦ 106 ᠲᠦᠷᠢᠮ ᠢ ᠲᠡᠷᠡ ᠬᠡᠪ ᠢᠶᠠᠷ ᠨᠢ ᠲᠡᠯᠭᠡᠷᠡᠬᠦᠯᠵᠡᠢ᠃     ᠭᠠᠳᠠᠭᠠᠳᠤ ᠠᠷᠠᠯᠵᠢᠶᠠᠨ ᠤ 300 ᠭᠠᠷᠤᠶ ᠴᠢᠳᠠᠪᠤᠷᠢᠲᠠᠨ ᠢ ᠬᠦᠮᠦᠵᠢᠬᠦᠯᠪᠡ     ᠨᠢᠳᠤᠨᠤᠨ ᠵᠢᠯ ᠳᠤ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ᠭᠠᠳᠠᠭᠠᠳᠦ ᠠᠷᠠᠯᠵᠢᠶᠡᠨ ᠤ ᠬᠤᠯᠪᠤᠭᠠᠳᠦ ᠬᠤᠷᠠᠯ ᠪᠤᠯᠤᠨ ᠭᠠᠳᠠᠭᠠᠳᠦ ᠪᠡᠯᠡ ᠮᠦᠩᠬᠦ ᠶᠢᠨ ᠠᠵᠢᠯ ᠤᠨ ᠬᠤᠷᠠᠯ ᠢ 6 ᠤᠳᠠᠭ᠎ᠠ ᠬᠤᠷᠠᠯᠳᠤᠭᠤᠯᠪᠠ︔ ᠪᠦᠬᠦ ᠠᠶᠢᠮᠠᠭ ᠤᠨ ᠭᠠᠳᠠᠭᠠᠳᠦ ᠪᠡᠯᠡ ᠮᠦᠩᠬᠦ ᠶᠢᠨ ᠠᠵᠢᠯ ᠤᠨ ᠶᠠᠷᠢᠯᠴᠠᠬᠤ ᠬᠤᠷᠠᠯ ᠵᠢᠴᠢ ᠲᠤᠬᠠᠶᠢᠯᠠᠭᠰᠠᠨ ᠠᠵᠢᠯ ᠤᠨ ᠶᠡᠷᠦᠩᠭᠡᠶᠢᠯᠡᠭᠰᠡᠨ ᠬᠡᠷᠡᠭᠯᠡᠭᠡᠨ ᠤ ᠴᠢᠳᠠᠪᠤᠷᠢ ᠶᠢ ᠲᠡᠭᠡᠭᠰᠢᠯᠡᠬᠦᠯᠬᠦ ᠪᠤᠯᠪᠠᠰᠤᠷᠠᠯ ᠤᠨ ᠠᠩᠬᠢ ᠶᠢ 1 ᠬᠤᠭᠤᠴᠠᠭ᠎ᠠ ᠡᠷᠬᠢᠯᠡᠵᠦ᠂ 300 ᠬᠦᠮᠦᠨ ᠳᠤ ᠪᠤᠯᠪᠠᠰᠤᠷᠠᠯ ᠬᠦᠷᠳᠡᠭᠡᠵᠡᠢ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠠᠭᠤᠷᠢᠨ ᠭᠠᠵᠠᠷ ᠢ ᠪᠠᠶᠢᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠴᠢᠳᠠᠪᠤᠷᠢᠳᠠᠨ ᠤ ᠪᠤᠯᠪᠠᠰᠤᠷᠠᠯ ᠤᠨ ᠠᠩᠬᠢ ᠶᠢ 4 ᠬᠤᠭᠤᠴᠠᠭ᠎ᠠ ᠦᠷᠨᠢᠬᠦᠯᠵᠦ᠂ ᠨᠡᠶᠢᠳᠡ 100 ᠬᠦᠮᠦᠨ ᠳᠤ ᠪᠤᠯᠪᠠᠰᠤᠷᠠᠯ ᠬᠦᠷᠳᠡᠭᠡᠨ᠂ 40 ᠭᠠᠷᠤᠢ ᠡᠵᠡᠩᠨᠡᠯᠳᠡ ᠶᠢᠨ ᠭᠤᠤᠯ ᠴᠤᠭᠴᠠ ᠶᠢ ᠬᠦᠭᠵᠢᠬᠦᠯᠵᠡᠢ᠃ RCEP᠎ ᠤᠨ ᠤᠯᠠᠨ ᠤᠯᠤᠰ ᠤᠨ ᠵᠠᠬ᠎ᠠ ᠲᠡᠯᠭᠡᠬᠦᠷ ᠢ ᠦᠷᠬᠦᠯᠵᠢᠯᠡᠨ ᠨᠡᠭᠡᠭᠡᠵᠦ᠂ ᠺᠧ ᠴᠢᠨ ᠸᠠᠨ ᠵᠢᠶᠠ᠂ ᠲᠦ᠋ ᠮᠤ᠋ ᠮᠠᠯ ᠠᠵᠦ ᠠᠬᠤᠢ ᠵᠡᠷᠭᠡ ᠭᠠᠳᠠᠭᠠᠳᠦ ᠠᠷᠠᠯᠵᠢᠶᠠᠨ ᠤ ᠠᠵᠦ ᠠᠬᠤᠶᠢᠯᠠᠯ ᠤᠨ ᠭᠠᠳᠠᠭᠠᠳᠦ ᠳᠤ ᠭᠠᠷᠭᠠᠬᠤ ᠬᠡᠪᠴᠢᠶ᠎ᠡ ᠲᠠᠰᠤᠷᠠᠯᠳᠠ ᠦᠭᠡᠢ ᠦᠷᠭᠡᠵᠢᠪᠡ᠃     1.6 ᠲᠦᠮᠡ ᠭᠠᠷᠤᠶ ᠬᠥᠮᠦᠨ ᠬᠠᠷᠢᠯᠴᠠᠨ ᠠᠷᠠᠯᠵᠢᠶᠠᠯᠠᠬᠤ ᠵᠠᠬ᠎ᠠ ᠲᠡᠯᠭᠡᠬᠦᠷ ᠲᠤ ᠤᠷᠤᠯᠴᠠᠵᠠᠢ     ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠣᠪᠴᠢᠶ᠎ᠠ ᠶᠢᠨ ᠢᠳᠡᠪᠬᠢᠳᠡᠢ ᠴᠢᠷᠮᠠᠶᠢᠯᠭ᠎ᠠ ᠪᠠᠷ ᠲᠠᠮᠵᠢᠨ᠂ ᠷᠠᠰᠢᠶᠠᠨ ᠪᠤᠭᠤᠮᠳᠠ ᠶᠢᠨ ᠲᠤᠮᠳᠠᠳᠦ ᠮᠤᠩᠭᠤᠯ ᠤᠯᠤᠰ ᠤᠨ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠤᠷᠤᠨ ᠨᠢ 2024 ᠤᠨ ᠤ 4 ᠰᠠᠷ᠎ᠠ ᠶᠢᠨ 1᠎ ᠤ ᠡᠳᠦᠷ ᠡᠵᠡᠩᠨᠡᠯᠳᠡ ᠳᠤ ᠤᠷᠤᠵᠦ᠂ ᠭᠤᠯᠢᠷ᠂ ᠢᠳᠡᠰᠢᠨ ᠲᠣᠰᠣ ᠵᠡᠷᠭᠡ 14 ᠲᠦᠷᠦᠯ ᠤᠨ ᠲᠠᠸᠠᠷ ᠢ ᠭᠠᠳᠠᠭᠠᠳᠦ ᠠᠴᠠ ᠤᠷᠤᠭᠤᠯᠬᠤ ᠠᠷᠠᠯᠵᠢᠶ᠎ᠠ ᠶᠢ ᠪᠡᠶᠡᠯᠡᠬᠦᠯᠵᠦ᠂ ᠬᠠᠷᠢᠯᠴᠠᠨ ᠠᠷᠠᠯᠵᠢᠶᠠᠯᠠᠬᠤ ᠵᠠᠬ᠎ᠠ ᠲᠡᠯᠭᠡᠬᠦᠷ ᠲᠤ ᠤᠷᠤᠯᠴᠠᠪᠠ᠃ ︽ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ + ᠪᠤᠳᠠᠳᠠᠢ ᠨᠠᠶᠢᠳᠠᠪᠤᠷᠢᠵᠢᠭᠤᠯᠤᠨ ᠪᠤᠯᠪᠠᠰᠤᠷᠠᠭᠤᠯᠬᠤ︾ ᠵᠠᠭᠪᠤᠷ ᠢ ᠢᠳᠡᠪᠬᠢᠳᠡᠢ ᠪᠠᠷ ᠬᠠᠶᠢᠨ ᠰᠦᠪᠡᠭᠴᠢᠯᠡᠵᠦ᠂ ︽ᠬᠢᠩᠭᠠᠨ ᠠᠶᠢᠮᠠᠭ ᠤᠨ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠪᠤᠳᠠᠳᠠᠢ ᠨᠠᠶᠢᠳᠠᠪᠤᠷᠢᠵᠢᠭᠤᠯᠤᠨ ᠬᠢᠯᠢ ᠶᠢᠨ ᠠᠷᠠᠯᠵᠢᠶ᠎ᠠ ᠶᠢ ᠲᠦᠷᠭᠡᠳᠭᠡᠨ ᠬᠥᠭᠵᠢᠭᠦᠯᠬᠦ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ︾᠎ ᠶᠢ ᠲᠦᠷᠦᠭᠦᠯᠡᠨ ᠲᠣᠭᠲᠠᠭᠠᠵᠤ᠂ ᠣᠷᠳᠣᠰ ᠤᠨ ᠢᠮᠠᠭᠠᠨ ᠨᠣᠯᠤᠤᠷ ᠪᠠ ᠾᠧᠪᠧᠶ ᠶᠢᠨ ᠱᠧᠩ ᠯᠠᠩ᠂ ᠢᠦᠶ ᠲᠧᠩ᠂ ᠦᠢᠯᠡᠰ ᠵᠡᠷᠭᠡ ᠨᠢᠭᠡ ᠪᠦᠯᠦᠭ ᠠᠵᠤ ᠠᠬᠤᠶᠢᠯᠠᠯ ᠤᠳ ᠢ ᠨᠤᠳᠤᠭᠰᠢᠭᠤᠯᠤᠨ᠂ ᠢᠮᠠᠭᠠᠨ ᠨᠤᠯᠤᠤᠷ ᠢ ᠭᠠᠳᠠᠭᠠᠳᠦ ᠠᠴᠠ ᠤᠷᠤᠭᠤᠯᠵᠦ ᠪᠤᠯᠪᠠᠰᠤᠷᠠᠭᠤᠯᠬᠤ ᠠᠵᠢᠯ ᠢ ᠶᠠᠪᠤᠭᠳᠠᠭᠤᠯᠵᠦ᠂ ᠠᠵᠤ ᠦᠢᠯᠡᠰ ᠤᠨ ᠬᠦᠷᠢᠶᠡᠯᠡᠩ ᠨᠢ ᠠᠰᠢᠭᠯᠠᠯᠳᠠ ᠳᠤ ᠤᠷᠤᠭᠰᠠᠨ ᠤ ᠲᠠᠷᠠᠭ᠎ᠠ ᠢᠮᠠᠭᠠᠨ ᠨᠣᠯᠤᠤᠷ ᠢ ᠡᠳ᠋ᠰᠢᠬᠦᠯᠵᠦ ᠪᠤᠯᠪᠠᠰᠤᠷᠠᠭᠤᠯᠤᠭᠰᠠᠨ ᠦᠷᠳᠡᠭ ᠨᠢ 1.3 ᠳ᠋ᠦᠩᠰᠢᠭᠤᠷ ᠲᠦᠭᠦᠷᠢᠭ ᠬᠦᠷᠪᠡ᠃     ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠨᠢ ᠬᠡᠷᠡᠭᠯᠡᠭᠡ ᠶᠢ 8.4 ᠳ᠋ᠦᠩᠰᠢᠭᠤᠷ ᠲᠥᠭᠦᠷᠢᠭ ᠳᠠᠶᠢᠴᠢᠯᠠᠪᠠ     ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠣᠪᠴᠢᠶ᠎ᠠ ᠬᠠᠷᠠᠭᠠᠯᠵᠠᠯ ᠦᠵᠡᠬᠦᠯᠦᠨ ᠪᠤᠷᠤᠯᠠᠭᠤᠯᠭ᠎ᠠ ᠶᠢ ᠠᠬᠢᠭᠤᠯᠬᠤ ᠡᠯ᠎ᠡ ᠲᠦᠷᠦᠯ ᠤᠨ ᠠᠵᠢᠯᠯᠠᠭ᠎ᠠ ᠶᠢ 900 ᠭᠠᠷᠤᠢ ᠲᠠᠯᠠᠪᠤᠷ ᠶᠠᠪᠤᠭᠳᠠᠭᠤᠯᠵᠦ᠂ ᠭᠤᠤᠯᠳᠠᠯᠭ᠎ᠠ ᠲᠠᠢ ᠠᠵᠢᠯ ᠲᠥᠷᠥᠯ ᠰᠡᠷᠭᠦᠯᠲᠡ ᠶᠢᠨ ᠴᠢᠨᠠᠷᠲᠠᠶ ᠪᠠᠷ ᠨᠡᠮᠡᠭᠳᠡᠯ ᠢ ᠪᠡᠶᠡᠯᠡᠬᠦᠯᠪᠡ᠃ ᠤᠯᠠᠭᠠᠨᠬᠤᠲᠠ ᠣᠷᠣᠨ ᠤ ︽ᠬᠢᠩᠭᠠᠨ ᠤ ᠮᠠᠰᠢᠨ ᠳᠡᠷᠭᠡ ᠶᠢᠨ ᠠᠷᠦ ᠶᠢᠨ ᠬᠠᠶᠢᠷᠴᠠᠭ ᠤᠨ ᠵᠠᠬ᠎ᠠ ᠲᠡᠯᠭᠡᠬᠦᠷ︾᠎ ᠢᠶᠠᠷ ᠭᠤᠤᠯᠳᠠᠯᠭ᠎ᠠ ᠪᠤᠯᠭᠠᠨ᠂ ᠪᠤᠰᠤᠳ ᠬᠤᠰᠢᠭᠤ ᠰᠢᠶᠠᠨ ᠬᠤᠳᠠ ᠶᠢ ᠨᠦᠯᠦᠭᠡᠯᠡᠨ ᠲᠠᠶᠢᠴᠢᠯᠠᠵᠦ᠂ ᠬᠤᠲᠠ ᠶᠢᠨ ᠴᠡᠴᠡᠷᠯᠢᠭ᠂ ᠵᠡᠭᠡᠯᠢ ᠭᠤᠳᠤᠮᠵᠢ ᠶᠢᠨ ᠥᠨᠴᠥᠭ ᠪᠤᠯᠤᠩ ᠵᠡᠷᠭᠡ ᠰᠤᠯᠠ ᠬᠡᠷᠡᠭᠯᠡᠬᠦ ᠭᠠᠵᠠᠷ ᠢ ᠡᠷᠴᠢᠮᠵᠢᠭᠦᠯᠦᠨ ᠠᠰᠢᠭᠯᠠᠵᠤ᠂ 8 ︽ᠮᠠᠰᠢᠨ ᠳᠡᠷᠭᠡ ᠶᠢᠨ ᠠᠷᠤ ᠶᠢᠨ ᠬᠠᠶᠢᠷᠴᠠᠭ ᠤᠨ ᠵᠠᠬ᠎ᠠ ᠳᠡᠯᠭᠡᠭᠦᠷ︾᠎ ᠢ ᠦᠭᠡᠷᠡᠴᠢᠯᠡᠨ ᠲᠡᠰ ᠲᠡᠪᠰᠢᠬᠦᠯᠪᠡ᠃ ᠬᠡᠷᠡᠭᠯᠡᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠵᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠠᠶᠢᠮᠠᠭ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠤ ᠤᠷᠤᠯᠴᠠᠭᠰᠠᠨ ᠠᠵᠦ ᠠᠬᠤᠶᠢᠯᠠᠯ 200᠎ ᠶᠢ ᠲᠠᠪᠠᠵᠦ᠂ ᠨᠦᠬᠦᠪᠦᠷᠢᠯᠡᠭᠰᠡᠨ ᠬᠡᠮᠵᠢᠶ᠎ᠡ 1.2 ᠳ᠋ᠦᠩᠰᠢᠭᠤᠷ ᠲᠥᠭᠦᠷᠢᠭ ᠬᠦᠷᠴᠦ᠂ 8.4 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠭᠰᠠᠨ ᠪᠠᠶᠢᠨ᠎ᠠ᠃     ᠪᠥᠬᠦ ᠠᠶᠢᠮᠠᠭ ᠤᠨ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠬᠡᠮᠵᠢᠶ᠎ᠡ 15.35 ᠳ᠋ᠦᠩᠰᠢᠭᠤᠷ ᠲᠦᠭᠦᠷᠢᠭ ᠲᠤ ᠬᠦᠷᠪᠡ     ᠠᠯᠢᠪᠠᠪᠠ᠂ ᠵᠢᠩ ᠳ᠋ᠦᠩ᠂ ᠵᠠᠭᠤᠴᠢᠯᠠᠭᠤᠷ ᠤᠨ ᠶᠡᠭᠡ ᠰᠤᠷᠭᠠᠭᠤᠯᠢ ᠵᠡᠷᠭᠡ ᠲᠠᠪᠴᠠᠩ ᠤᠨ ᠳᠠᠪᠠᠭᠤᠯᠢᠭ ᠢ ᠲᠦᠰᠢᠭᠯᠡᠨ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ︽ᠮᠢᠩᠭᠠᠨ ᠬᠦᠮᠦᠨ ᠰᠦᠯᠵᠢᠶ᠎ᠡ ᠪᠠᠷ ᠪᠠᠷᠠᠭ᠎ᠠ ᠬᠤᠳᠠᠯᠳᠤᠬᠤ᠂ ᠲᠦᠮᠡᠨ ᠬᠦᠮᠦᠨ ᠤ ᠤᠷᠤᠯᠭ᠎ᠠ ᠶᠢ ᠨᠡᠮᠡᠭᠳᠡᠬᠦᠯᠬᠦ᠂ ᠳ᠋ᠦᠩᠰᠢᠭᠤᠷ ᠲᠦᠭᠦᠷᠢᠭ ᠪᠤᠷᠤᠯᠠᠭᠤᠯᠬᠤ︾ ᠲᠤᠰᠬᠠᠢ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ᠂ ᠡᠯᠧᠺᠲᠷᠤᠨ ᠬᠤᠳᠠᠯᠳᠤᠭᠠᠨ ᠤ ᠲᠦᠷᠦᠯ ᠲᠡᠮᠳᠡᠭ ᠤᠨ ᠪᠠᠶᠢᠭᠤᠯᠤᠯᠳᠠ ᠶᠢᠨ ᠵᠤᠯᠭᠠᠭᠤᠯᠬᠤ ᠬᠤᠷᠠᠯ᠂ ᠡᠯᠧᠺᠲᠷᠤᠨ ᠬᠤᠳᠠᠯᠳᠤᠭᠠᠨ ᠤ ᠰᠠᠷ᠎ᠠ ᠵᠡᠷᠭᠡ ᠠᠵᠢᠯᠯᠠᠭ᠎ᠠ ᠶᠢ 210 ᠭᠠᠷᠤᠢ ᠲᠠᠯᠠᠪᠤᠷ ᠶᠠᠪᠤᠭᠳᠠᠭᠤᠯᠪᠠ᠃ ᠡᠯᠧᠺᠲᠷᠣᠨ ᠬᠤᠳᠠᠯᠳᠤᠭ᠎ᠠ ᠶᠢ ᠲᠦᠭᠡᠮᠡᠯᠵᠢᠭᠦᠯᠬᠦ᠂ ᠳᠡᠭᠡᠭᠰᠢᠯᠡᠭᠦᠯᠬᠦ ᠵᠡᠷᠭᠡ ᠲᠤᠰᠬᠠᠶ ᠲᠥᠷᠥᠯ ᠤᠨ ᠪᠤᠯᠪᠠᠰᠤᠷᠠᠯ ᠤᠨ ᠠᠩᠬᠢ ᠶᠢ 10 ᠬᠤᠭᠤᠴᠠᠭ᠎ᠠ ᠥᠷᠨᠢᠭᠦᠯᠵᠦ᠂ 1500 ᠭᠠᠷᠤᠶ ᠬᠥᠮᠦᠨ ᠳᠤ ᠪᠣᠯᠪᠠᠰᠤᠷᠠᠯ ᠬᠦᠷᠲᠡᠭᠡᠵᠦ᠂ ︽ᠬᠢᠩᠭᠠᠨ ᠤ ᠣᠨᠴᠠ ᠭᠠᠷᠤᠯᠲᠠ ᠶᠢᠨ ᠣᠷᠳᠣᠨ︾ ᠵᠡᠷᠭᠡ ᠡᠯᠧᠺᠲᠷᠤᠨ ᠬᠤᠳᠠᠯᠳᠤᠭᠠᠨ ᠤ ᠲᠠᠪᠴᠠᠩ ᠢ 5 ᠪᠠᠶᠢᠭᠤᠯᠪᠠ᠃     ᠡᠭᠦᠨ ᠤ ᠬᠠᠮᠲᠤ᠂ ᠬᠤᠰᠢᠭᠤ ᠰᠢᠶᠠᠨ ᠬᠤᠲᠠ ᠶᠢᠨ ᠡᠯᠧᠺᠲᠷᠣᠨ ᠬᠤᠳᠠᠯᠳᠤᠭᠠᠨ ᠤ ᠠᠵᠦ ᠠᠬᠤᠶᠢᠯᠠᠯ ᠢ ᠢᠳᠡᠪᠬᠢᠳᠡᠢ ᠪᠠᠷ ᠲᠠᠳᠠᠵᠦ ᠨᠤᠳᠤᠭ ᠲᠠᠭᠠᠨ ᠪᠤᠴᠠᠨ ᠦᠢᠯᠡᠰ ᠪᠤᠰᠬᠠᠬᠤ ᠶᠢ ᠢᠳᠡᠪᠬᠢᠳᠡᠢ ᠲᠡᠮᠵᠢᠵᠦ᠂ ᠬᠤᠰᠢᠭᠤ ᠰᠢᠶᠠᠨ ᠬᠤᠲᠠ ᠶᠢᠨ ᠲᠣᠰ ᠭᠠᠵᠠᠷ ᠣᠷᠣᠨ ᠤ ᠰᠦᠯᠵᠢᠶᠡᠨ ᠤᠳᠤᠳ ᠢ ᠭᠤᠤᠯᠳᠠᠯᠭ᠎ᠠ ᠲᠠᠢ ᠰᠢᠶᠠᠩ ᠪᠠᠯᠭᠠᠰᠦ ᠲᠠᠢ ᠬᠤᠤᠰᠯᠠᠯ ᠪᠠᠶᠢᠭᠤᠯᠤᠨ ᠬᠠᠮᠳᠤᠷᠠᠨ ᠠᠵᠢᠯᠯᠠᠵᠦ ᠬᠠᠷᠢᠴᠠᠭ᠎ᠠ ᠪᠠᠶᠢᠭᠤᠯᠬᠤ ᠶᠢ ᠵᠢᠯᠤᠭᠤᠳᠪᠠ᠃ ᠳᠠᠪᠠᠭᠤᠯᠢᠭ ᠭᠤᠤᠯᠯᠠᠬᠤ ᠠᠵᠤ ᠦᠢᠯᠡᠰ ᠲᠤ ᠰᠠᠭᠤᠷᠢᠯᠠᠨ ︽ᠬᠦᠷᠢᠶ᠎ᠠ ᠬᠠᠰᠢᠶ᠎ᠠ ᠶᠢᠨ ᠠᠵᠤ ᠠᠬᠤᠶ + ᠰᠢᠭᠤᠳ ᠨᠡᠪᠳᠡᠷᠡᠬᠦᠯᠭᠡ ᠶᠢᠨ ᠡᠯᠧᠺᠲᠷᠣᠨ ᠬᠤᠳᠠᠯᠳᠤᠭ᠎ᠠ︾᠎ ᠶᠢᠨ ᠵᠠᠭᠪᠤᠷ ᠢ ᠰᠦᠪᠡᠭᠴᠢᠯᠡᠵᠦ᠂ ᠬᠢᠩᠭᠠᠨ ᠠᠶᠢᠮᠠᠭ ᠤᠨ ᠲᠠᠷᠢᠶᠠᠯᠠᠩ ᠤᠨ ᠤᠨᠴᠠ ᠭᠠᠷᠤᠯᠳᠠ ᠶᠢᠨ ᠪᠤᠷᠤᠯᠠᠭᠤᠯᠭ᠎ᠠ ᠪᠠ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ ᠳᠤ ᠬᠦᠴᠦᠨ ᠨᠡᠮᠡᠷᠢᠯᠡᠵᠦ᠂ 2024 ᠣᠨ ᠳᠤ ᠪᠥᠬᠦ ᠠᠶᠢᠮᠠᠭ ᠤᠨ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠬᠡᠮᠵᠢᠶ᠎ᠡ 15.35 ᠳ᠋ᠦᠩᠰᠢᠭᠤᠷ ᠲᠥᠭᠦᠷᠢᠭ ᠲᠤ ᠬᠥᠷᠪᠡ᠃     ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠢ 40 ᠪᠠᠶᠢᠭᠤᠯᠪᠠ     ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ︽ᠲᠤᠰᠬᠠᠢ ᠮᠡᠷᠭᠡᠵᠢᠯᠲᠡᠨ ᠬᠥᠳᠡᠭᠡ ᠪᠠᠭᠤᠬᠤ︾ ᠠᠵᠢᠯᠯᠠᠭ᠎ᠠ ᠵᠢᠴᠢ ᠥᠪᠥᠷ ᠮᠣᠩᠭᠤᠯ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠪᠤᠯᠪᠠᠰᠤᠷᠠᠯ ᠤᠨ ᠬᠤᠷᠠᠯ ᠬᠢᠩᠭᠠᠨ ᠠᠶᠢᠮᠠᠭ ᠲᠤ ᠬᠤᠷᠠᠯᠳᠤᠪᠠ ︔ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠤᠶᠠᠳᠤᠭᠠᠷ ᠪᠦᠯᠦᠭ ᠤᠨ ᠪᠥᠬᠦ ᠤᠯᠤᠰ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ︽ᠬᠦᠳᠦᠯᠦᠨ ᠲᠠᠭᠠᠭᠤᠯᠤᠭᠰᠠᠨ ᠰᠢᠶᠠᠨ︾᠎ ᠤ ᠬᠡᠷᠡᠭ ᠤᠨ ᠵᠢᠱᠢᠶ᠎ᠡ ᠶᠢᠨ ᠡᠮᠬᠢᠳᠭᠡᠯ ᠳᠤ ᠰᠤᠩᠭᠤᠭᠳᠠᠨ ᠤᠷᠤᠪᠠ︔ ᠪᠥᠬᠦ ᠠᠶᠢᠮᠠᠭ ᠤᠨ 5 ᠬᠤᠰᠢᠭᠤ ᠰᠢᠶᠠᠨ ᠬᠤᠲᠠ ᠤᠯᠤᠰ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠳᠠ ᠶᠢᠨ ᠲᠤᠷᠰᠢᠯᠳᠠ ᠶᠢᠨ ᠰᠢᠶᠠᠨ ᠤ ᠡᠩᠨᠡᠭᠡᠨ ᠳᠤ ᠤᠷᠤᠵᠦ᠂ ᠬᠤᠰᠢᠭᠤ ᠰᠢᠶᠠᠨ ᠨᠢᠭᠡᠪᠦᠷᠢ ᠲᠦᠷᠦ ᠶᠢᠨ ᠪᠤᠳᠤᠯᠭ᠎ᠠ ᠶᠢᠨ ᠪᠡᠯᠡ ᠮᠦᠩᠬᠦ ᠶᠢ 1000 ᠲᠦᠮᠡᠨ ᠲᠦᠭᠦᠷᠢᠭ ᠤᠷᠴᠢᠮ ᠬᠦᠷᠳᠡᠵᠡᠢ᠃     ᠬᠢᠩᠭᠠᠨ ᠠᠶᠢᠮᠠᠭ 2022 ᠣᠨ ᠪᠠ 2023 ᠣᠨ ᠳᠤ ᠥᠪᠡᠷᠲᠡᠭᠡᠨ ᠵᠠᠰᠠᠬᠤ ᠣᠷᠣᠨ ᠤ ᠲᠠᠰ᠂ ᠤᠯᠤᠰ ᠤᠨ ᠲᠡᠰ ᠤᠨ ᠠᠷᠠᠳ ᠲᠤ ᠲᠦᠬᠦᠮ ᠦᠵᠡᠬᠦᠯᠬᠦ ︽ᠠᠷᠪᠠᠨ ᠳᠠᠪᠤᠨ ᠮᠢᠨᠦ᠋ᠲ︾᠎ ᠤᠨ ᠠᠮᠢᠳᠤᠷᠠᠯ ᠤᠨ ᠲᠤᠭᠤᠷᠢᠭ ᠤᠨ ᠲᠤᠷᠰᠢᠯᠳᠠ ᠶᠢᠨ ᠬᠤᠳᠠ ᠪᠠᠷ ᠦᠨᠡᠯᠡᠭᠳᠡᠵᠦ᠂ ᠬᠤᠲᠠ ᠶᠢᠨ ᠠᠷᠠᠳ ᠲᠤ ᠲᠥᠬᠦᠮ ᠦᠵᠡᠭᠦᠯᠬᠦ ︽ᠠᠷᠪᠠᠨ ᠳᠠᠪᠤᠨ ᠮᠢᠨᠦ᠋ᠲ︾᠎ ᠤᠨ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ 40 ᠲᠥᠷᠥᠯ ᠵᠦᠢᠯ ᠢ ᠦᠷᠭᠦᠯᠵᠢᠯᠡᠨ ᠠᠬᠢᠭᠤᠯᠪᠠ᠃     ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠬᠡᠮᠵᠢᠶ᠎ᠡ 2 ᠳ᠋ᠦᠩᠰᠢᠭᠤᠷ ᠲᠦᠭᠦᠷᠢᠭ ᠲᠤ ᠬᠦᠷᠪᠡ     ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠲᠤᠪᠴᠢᠶ᠎ᠠ ︽ᠬᠢᠩᠭᠠᠨ ᠤ ᠰᠠᠶᠢᠨ ᠡᠳ᠋ ᠪᠠᠷᠠᠭ᠎ᠠ ᠶᠢ ᠴᠠᠩᠴᠦ᠋ᠨ ᠳᠤ ᠤᠷᠤᠭᠤᠯᠵᠦ ᠴᠠᠭᠠᠨ ᠰᠠᠷ᠎ᠠ ᠶᠢᠨ ᠪᠠᠷᠠᠭ᠎ᠠ ᠶᠢᠨ ᠴᠤᠭᠯᠠᠭ᠎ᠠ ᠵᠢᠴᠢ ᠰᠤᠯᠢᠯᠴᠠᠭ᠎ᠠ ᠬᠠᠮᠳᠤᠷᠠᠯᠴᠠᠭ᠎ᠠ ᠶᠢ ᠵᠤᠯᠭᠠᠭᠤᠯᠬᠤ ᠬᠤᠷᠠᠯ︾ ︽ᠬᠢᠩᠭᠠᠨ ᠠᠶᠢᠮᠠᠭ · ᠭᠤᠸᠠᠩᠳᠦ᠋ᠩ ᠰᠢᠶᠠᠩᠭᠠᠩ ᠤᠤᠮᠧᠨ ᠤ ᠲᠤᠮᠦ ᠪᠤᠯᠤᠩ ᠤᠨ ᠤᠷᠤᠨ ᠤ ᠪᠡᠯᠡ ᠤᠷᠤᠭᠤᠯᠤᠯᠳᠠ ᠶᠢᠨ ᠬᠠᠮᠵᠢᠯᠴᠠᠭ᠎ᠠ ᠶᠢ ᠵᠤᠯᠭᠠᠭᠤᠯᠬᠤ ᠬᠤᠷᠠᠯ︾ ︽ᠮᠣᠩᠭᠤᠯ ᠪᠠᠷᠠᠭ᠎ᠠ ᠶᠢ ᠪᠡᠭᠡᠵᠢᠩ ᠳᠤ ᠣᠷᠣᠭᠤᠯᠬᠤ︾ ᠪᠤᠷᠤᠯᠠᠭᠤᠯᠭ᠎ᠠ ᠶᠢᠨ ᠠᠵᠦ ᠠᠬᠤᠶᠢᠯᠠᠯ ᠤᠨ ᠬᠤᠯᠪᠤᠭ᠎ᠠ ᠪᠠᠶᠢᠭᠤᠯᠤᠭᠳᠠᠬᠤ ᠶᠡᠭᠡ ᠬᠤᠷᠠᠯ ᠵᠡᠷᠭᠡ 10 ᠭᠠᠷᠤᠢ ᠲᠠᠯᠠᠪᠤᠷ ᠡᠵᠡᠩᠨᠡᠯᠲᠡ ᠪᠣᠷᠣᠯᠠᠭᠤᠯᠭ᠎ᠠ ᠶᠢᠨ ᠲᠠᠨᠢᠯᠴᠠᠭᠤᠯᠭ᠎ᠠ ᠶᠢᠨ ᠠᠵᠢᠯᠯᠠᠭ᠎ᠠ ᠶᠢ ᠡᠷᠬᠢᠯᠡᠵᠦ ᠤᠷᠤᠯᠴᠠᠵᠠᠢ᠃ ᠲᠤᠬᠠᠶ ᠶᠢᠨ ᠲᠠᠯᠠᠪᠤᠷ ᠲᠤ ᠳᠡᠯᠭᠡᠨ ᠦᠵᠡᠬᠦᠯᠦᠭᠰᠡᠨ ᠬᠢᠩᠭᠠᠨ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠪᠤᠷᠤᠯᠠᠭᠤᠯᠭ᠎ᠠ ᠨᠢ 2 ᠳ᠋ᠦᠩᠰᠢᠭᠤᠷ ᠲᠦᠭᠦᠷᠢᠭ ᠢ ᠲᠠᠪᠠᠪᠠ᠃     ᠲᠠᠷᠢᠶᠠᠯᠠᠩ ᠤᠨ ᠣᠨᠴᠠ ᠭᠠᠷᠤᠯᠲᠠ ᠶᠢᠨ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠢᠳᠡᠪᠬᠢᠳᠡᠢ ᠦᠷᠭᠡᠳᠭᠡᠨ᠂ ᠲᠤᠤ ᠪᠤᠤ᠂ ᠵᠢᠩ ᠳ᠋ᠦᠩ᠂ ᠴᠤᠤᠷᠢᠶ᠎ᠠ ᠵᠡᠷᠭᠡ ᠲᠤᠮᠦ ᠬᠡᠯᠪᠡᠷᠢ ᠶᠢᠨ ᠡᠯᠧᠺᠲᠷᠤᠨ ᠬᠤᠳᠠᠯᠳᠤᠭ᠎ᠠ ᠪᠠ ᠰᠢᠨ᠎ᠡ ᠵᠠᠭᠤᠯᠴᠢᠯᠠᠭᠤᠷ ᠤᠨ ᠲᠠᠪᠴᠠᠩ ᠲᠠᠢ ᠬᠤᠯᠪᠤᠭᠠᠯᠠᠨ ᠡᠯ᠎ᠡ ᠲᠦᠷᠦᠯ ᠤᠨ ᠪᠤᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 200 ᠭᠠᠷᠤᠢ ᠲᠠᠯᠠᠪᠤᠷ ᠡᠷᠬᠢᠯᠡᠪᠡ᠃ ︽832 ᠲᠠᠪᠴᠠᠩ︾᠎ ᠢ ᠠᠰᠢᠭᠯᠠᠨ ᠬᠠᠩᠭᠠᠬᠤ ᠪᠠ ᠬᠤᠳᠠᠯᠳᠤᠨ ᠠᠪᠬᠤ ᠶᠢ ᠵᠤᠯᠭᠠᠭᠤᠯᠬᠤ ᠶᠢ ᠴᠢᠩᠭᠠᠳᠬᠠᠵᠦ᠂ ᠬᠢᠩᠭᠠᠨ ᠠᠶᠢᠮᠠᠭ ᠤᠨ ᠬᠡᠰᠡᠭ ᠲᠠᠷᠢᠶᠠᠯᠠᠩ ᠤᠨ ᠤᠨᠴᠠ ᠰᠢᠯᠢᠳᠡᠭ ᠪᠦᠳᠦᠭᠡᠭᠳᠡᠬᠦᠨ ᠢ ᠲᠤᠮᠳᠠᠳᠦ ᠤᠯᠤᠰ ᠤᠨ ᠴᠢᠯᠠᠭᠤᠨ ᠳᠤᠰᠤᠨ ᠤ ᠲᠦᠬᠦᠮ ᠦᠵᠡᠬᠦᠯᠬᠦ ᠲᠡᠯᠭᠡᠬᠦᠷ᠂ ᠦᠨᠳᠦᠷ ᠬᠤᠷᠳᠤᠴᠠᠳᠦ ᠵᠠᠰᠠᠮᠠᠯ ᠵᠠᠮ ᠤᠨ ᠦᠢᠯᠡᠴᠢᠯᠡᠭᠡᠨ ᠤ ᠤᠷᠤᠨ ᠵᠢᠴᠢ ᠰᠦᠯᠵᠢᠶᠡᠨ ᠲᠡᠭᠡᠷᠡᠬᠢ ᠲᠠᠪᠴᠠᠩ ᠢ ᠠᠰᠢᠭᠯᠠᠨ ᠪᠤᠷᠤᠯᠠᠭᠤᠯᠪᠠ᠃     ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠪᠤᠭᠤᠮᠳᠠ ᠶᠢᠨ ᠲᠤᠪᠴᠢᠶ᠎ᠠ ᠠᠴᠠ ᠠᠶᠢᠮᠠᠭ ᠤᠨ ᠲᠤᠳᠤᠭᠠᠳᠦ ᠶᠢᠨ ᠠᠵᠦ ᠠᠬᠤᠶᠢᠯᠠᠯ ᠢ ᠪᠡᠭᠡᠵᠢᠩ᠂ ᠱᠠᠩᠬᠠᠢ ᠵᠡᠷᠭᠡ ᠭᠠᠵᠠᠷ ᠲᠤ ᠬᠢᠩᠭᠠᠨ ᠠᠶᠢᠮᠠᠭ ᠤᠨ ᠲᠠᠷᠢᠶᠠᠯᠠᠩ ᠤᠨ ᠤᠨᠴᠠ ᠭᠠᠷᠤᠯᠳᠠ ᠶᠢᠨ ᠲᠤᠰᠬᠠᠢ ᠡᠵᠡᠩᠨᠡᠯᠳᠡ ᠶᠢᠨ ᠲᠡᠯᠭᠡᠬᠦᠷ᠂ ᠬᠤᠰᠢᠭᠤᠴᠢ ᠲᠡᠯᠭᠡᠬᠦᠷ ᠪᠠ ᠦᠵᠡᠬᠦᠯᠦᠯᠭᠡ ᠶᠢᠨ ᠲᠦᠪ ᠪᠠᠶᠢᠭᠤᠯᠬᠤ ᠶᠢ ᠵᠤᠷᠢᠭᠵᠢᠭᠤᠯᠪᠠ᠃ ︽ᠥᠪᠥᠷ ᠮᠣᠩᠭᠤᠯ ᠤᠨ ᠦᠨᠦᠷ ᠠᠮᠲᠠ︾᠎ ᠶᠢ ᠶᠠᠮᠤᠨ ᠵᠥᠪᠯᠡᠯ ᠳᠤ ᠣᠷᠣᠭᠤᠯᠬᠤ᠂ ᠲᠥᠪ ᠤᠨ ᠠᠵᠤ ᠠᠬᠤᠶᠢᠯᠠᠯ ᠳᠤ ᠣᠷᠣᠭᠤᠯᠬᠤ ᠰᠢᠷᠢᠰ ᠠᠵᠢᠯᠯᠠᠭ᠎ᠠ ᠲᠠᠢ ᠤᠶᠠᠯᠳᠤᠭᠤᠯᠤᠨ᠂ ᠬᠡᠰᠡᠭ ᠪᠠᠶᠢᠭᠤᠯᠭ᠎ᠠ ᠨᠢᠭᠡᠴᠢ ᠶᠢᠨ ᠬᠤᠭᠤᠯᠠᠨ ᠭᠡᠷ ᠲᠤ ᠬᠢᠩᠭᠠᠨ ᠤ ︽ᠨᠤᠳᠤᠭ ᠤᠨ ᠤᠨᠴᠠ ᠭᠠᠷᠤᠯᠳᠠ︾᠎ ᠶᠢᠨ ᠦᠵᠡᠬᠦᠯᠦᠯᠭᠡ ᠶᠢᠨ ᠲᠤᠰᠬᠠᠢ ᠤᠷᠤᠨ ᠭᠠᠷᠭᠠᠪᠠ᠃                                                · ᠰᠦᠨ ᠰᠢᠨ ᠢᠤᠢ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号