ᠠᠯᠳᠠᠷᠳᠤ ᠰᠤᠮᠤ 3 ᠳ᠋ᠤᠭᠠᠷ ᠰᠠᠷ᠎ᠠ ᠶᠢᠨ ᠡᠭᠡᠯᠵᠢᠲᠦ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/3/25
           3 ᠰᠠᠷ᠎ᠠ ᠶᠢᠨ 24 ᠤ ᠡᠳᠦᠷ᠂ ᠵᠠᠯᠠᠶᠢᠳ ᠬᠤᠰᠢᠭᠤᠨ ᠤ ᠠᠯᠳᠠᠷᠳᠤ ᠰᠤᠮᠤ 3 ᠳ᠋ᠤᠭᠠᠷ ᠰᠠᠷ᠎ᠠ ᠶᠢᠨ ᠠᠮᠤᠷ  ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ ᠰᠠᠷ᠎ᠠ ᠶᠢᠨ ᠡᠭᠡᠯᠵᠢᠳᠤ ᠬᠤᠷᠠᠯ ᠬᠢᠵᠤ᠂ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠲᠦ᠋ ᠬᠤᠤ ᠬᠤᠷᠠᠯ ᠡᠷᠭᠢᠯᠡᠵᠦ᠂ ᠠᠮᠤᠷ ᠠᠮᠤᠭᠤᠯᠠᠩ ᠤᠨ ᠠᠯᠪᠠᠨ ᠬᠡᠷ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠡᠯ᠎ᠡ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠤ ᠱᠦᠵᠢ᠂ ᠠᠮᠤᠷ ᠢ ᠬᠠᠮᠠᠭᠠᠯᠠᠬᠤ ᠠᠵᠢᠯ ᠤᠨ ᠡᠷᠬᠢᠯᠡᠭᠴᠢ ᠬᠤᠷᠠᠯ ᠳᠤ ᠣᠷᠣᠯᠴᠠᠵᠠᠶ᠃     ᠬᠤᠷᠠᠯ ᠠᠴᠠ ᠡᠩ ᠲᠡᠷᠢᠭᠦᠨ ᠳᠤ ᠡᠯ᠎ᠡ ᠭᠠᠴᠠᠭ᠎ᠠ ᠲᠤᠰᠬᠤᠨ ᠤ 3 ᠳ᠋ᠤᠭᠠᠷ ᠰᠠᠷ᠎ᠠ ᠶᠢᠨ ᠠᠮᠤᠷ ᠠᠮᠤᠭᠤᠯᠠᠩ  ᠤᠨ ᠪᠠᠶᠢᠭᠤᠯᠤᠯᠲᠠ ᠶᠢᠨ ᠠᠵᠢᠯ ᠢ ᠵᠠᠳᠠᠯᠤᠨ ᠰᠤᠳᠤᠯᠵᠤ ᠮᠠᠭᠠᠳᠯᠠᠬᠤ ᠬᠤᠷᠠᠯ ᠤᠨ ᠪᠠᠶᠢᠳᠠᠯ᠂ ᠲᠣᠰ ᠰᠠᠷ᠎ᠠ ᠶᠢᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠨᠠᠮᠳᠠᠭᠤᠯᠬᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠤᠭᠰᠠᠨ ᠪᠥᠭᠡᠳ ᠠᠷᠢᠯᠭᠠᠭᠠᠳᠤᠢ ᠵᠥᠷᠢᠴᠡᠯ ᠵᠢᠭᠤᠷᠠᠯᠳᠤᠭᠠᠨ ᠢ ᠰᠤᠳᠤᠯᠤᠨ ᠮᠠᠭᠠᠳᠯᠠᠵᠤ᠂ ᠰᠢᠢᠳᠪᠦᠷᠢᠯᠡᠬᠦ ᠠᠷᠭ᠎ᠠ ᠪᠣᠳᠣᠯᠭ᠎ᠠ ᠪᠠᠨ ᠵᠥᠪᠳᠡᠪᠡ᠃     ᠬᠤᠷᠠᠯ ᠠᠴᠠ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠭᠠᠴᠠᠭ᠎ᠠ ᠲᠤᠰᠬᠤᠨ ᠤ ᠱᠦᠵᠢ᠂ ᠠᠮᠤᠷ ᠢ ᠬᠠᠮᠠᠭᠠᠯᠠᠬᠤ ᠠᠵᠢᠯ ᠤᠨ ᠡᠷᠬᠢᠯᠡᠭᠴᠢ ︽ᠠᠮᠢᠨ ᠬᠡᠷᠡᠭ ᠢ ᠰᠡᠷᠭᠡᠶᠢᠯᠡᠵᠦ ᠡᠵᠡᠮᠳᠡᠵᠦ ᠪᠣᠯᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠡᠷᠦᠬᠡ ᠪᠠᠷ ᠬᠦᠷᠴᠦ ᠵᠢᠭᠰᠠᠭᠠᠨ ᠪᠠᠶᠢᠴᠠᠭᠠᠬᠤ ᠶᠢ ᠴᠠᠭ ᠲᠤᠬᠠᠶ ᠳᠤᠨᠢ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠣᠯᠵᠤ ᠮᠡᠳᠡᠪᠡᠯ ᠲᠠᠷᠤᠶᠢᠬᠠᠨ ᠰᠤᠮᠤ ᠶᠢᠨ ᠶᠡᠷᠦᠩᠬᠡᠶᠢᠯᠡᠨ ᠵᠠᠰᠠᠬᠤ ᠲᠥᠪ ᠲᠤ ᠮᠡᠳᠡᠭᠦᠯᠬᠦ ᠶᠢᠨ ᠬᠠᠮᠲᠤ ᠬᠤᠯᠪᠣᠭᠠᠯᠠᠨ ᠬᠥᠳᠡᠯᠦᠯᠴᠡᠵᠦ ᠬᠤᠯᠪᠣᠭᠠᠯᠠᠨ ᠲᠣᠬᠢᠷᠠᠭᠤᠯᠬᠤ ᠶᠢ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠴᠢᠩᠭᠠᠳᠬᠠᠬᠤ ᠬᠡᠷᠡᠭᠲᠡᠢ᠃ ᠡᠯ᠎ᠡ ᠲᠤᠤᠷᠵᠢᠭᠤᠯᠤᠭᠴᠢ ᠡᠳᠦᠷ ᠲᠤᠲᠤᠮ ᠤᠨ ᠡᠷᠦᠬᠡ ᠪᠠᠷ ᠭᠦᠨᠵᠡᠬᠡᠶᠢᠷᠡᠬᠦ ᠦᠶ᠎ᠡ ᠳᠤ ᠂ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠯ ᠤᠨ ᠡᠲᠡᠭᠡᠳ᠂ ᠡᠷᠡᠭᠦᠦ ᠶᠢᠨ ᠬᠤᠭᠤᠴᠠᠭ᠎ᠠ ᠨᠢ  ᠲᠠᠭᠤᠰᠴᠤ ᠰᠤᠯᠠᠯᠠᠭᠳᠠᠭᠰᠠᠨ ᠬᠥᠮᠦᠰ ᠵᠢᠴᠢ ᠣᠶᠤᠨ ᠮᠡᠳᠡᠷᠡᠯ ᠤᠨ ᠰᠠᠭᠠᠳ ᠲᠠᠢ ᠵᠡᠷᠭᠡ ᠬᠥᠮᠦᠰ ᠲᠤ ᠴᠢᠭᠯᠡᠭᠦᠯᠦᠨ ᠵᠢᠭᠰᠠᠭᠠᠨ ᠪᠠᠶᠢᠴᠠᠭᠠᠵᠤ ᠡᠮᠬᠢᠯᠡᠨ ᠳᠢᠭᠯᠡᠬᠦ ᠠᠵᠢᠯ ᠢ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠤ ᠰᠦᠪᠡᠭᠴᠢ ᠶᠢ ᠤᠶᠢᠯᠠᠭᠠᠨ ᠵᠢᠭᠰᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠷᠤᠭ ᠬᠡᠷ ᠪᠦᠯᠢ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠵᠡᠷᠭᠡ ᠲᠠᠯ᠎ᠠ ᠶᠢᠨ ᠵᠥᠷᠢᠴᠡᠯ ᠵᠢᠭᠤᠷᠠᠯᠳᠤᠭᠠᠨ ᠢ ᠠᠷᠢᠯᠭᠠᠨ ᠰᠢᠢᠳᠪᠤᠷᠢᠯᠡᠬᠦ ᠶᠢ ᠭᠦᠨᠵᠡᠭᠡᠶᠢᠷᠡᠭᠦᠯᠬᠦ ᠬᠡᠷᠡᠭᠳᠡᠢ᠃ ᠭᠤᠷᠪᠠ ᠳᠤ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠭᠠᠴᠠᠭ᠎ᠠ ᠲᠤᠰᠬᠤᠨ ᠨᠢ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠶᠢ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠲᠠᠢ ᠬᠠᠷᠢᠯᠴᠠᠨ ᠤᠶᠠᠯᠳᠤᠭᠤᠯᠵᠤ᠂ ᠵᠠᠬᠢᠳᠠᠯ ᠰᠤᠷᠪᠤᠯᠵᠢᠯᠠᠯ ᠤᠨ ᠭᠤᠣᠯᠳᠠᠯᠭ᠎ᠠ ᠲᠠᠢ ᠬᠥᠮᠥᠰ ᠤᠨ ᠲᠣᠭᠲᠠᠭᠤᠨ ᠢ ᠡᠵᠡᠮᠳᠡᠬᠦ ᠠᠵᠢᠯ ᠢ ᠰᠠᠶᠢᠲᠤᠷ ᠬᠢᠵᠦ᠂ ᠪᠡᠭᠡᠵᠢᠩ ᠳᠤ  ᠬᠦᠷᠴᠤ ᠳᠡᠭᠡᠭᠰᠢ ᠰᠤᠷᠪᠤᠯᠵᠢᠯᠠᠬᠤ ᠪᠠᠶᠢᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠤ ᠱᠠᠭᠠᠷᠳᠠᠵᠠᠢ᠃
 
ᠢᠷᠡᠯᠲᠡ᠄ ᠠᠯᠳᠠᠷᠳᠤ ᠰᠤᠮᠤ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号