| 3 ᠰᠠᠷ᠎ᠠ ᠶᠢᠨ 21 ᠤ ᠡᠳᠦᠷ᠂ ᠵᠠᠯᠠᠶᠢᠳ ᠬᠤᠰᠢᠭᠤᠨ ᠤ ᠠᠯᠳᠠᠷᠳᠤ ᠰᠤᠮᠤ ᠶᠢᠨ ᠨᠠᠮ ᠤᠨ ᠬᠤᠷᠢᠶ᠎ᠠ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠡᠬᠢᠯᠡᠭᠦᠯᠬᠦ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠢᠵᠠᠢ᠃ ᠨᠠᠮ ᠵᠠᠰᠠᠭ ᠤᠨ ᠤᠳᠤᠷᠢᠳᠬᠤ | ᠪᠠᠭ ᠤᠨ ᠪᠦᠷᠢᠯᠳᠦᠬᠦᠨ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ᠂ | ᠨᠢᠭᠡᠳᠦᠭᠡᠷ ᠱᠦᠵᠢ᠂ ᠨᠠᠮ ᠤᠨ ᠪᠠᠶᠢᠭᠤᠯᠤᠯᠲᠠ ᠶᠢᠨ ᠲᠤᠰᠬᠠᠶ ᠺᠠᠳ᠋ᠷ ᠬᠤᠷᠠᠯ ᠳᠤ ᠣᠷᠣᠯᠴᠠᠪᠠ᠃ | ᠬᠤᠷᠠᠯ ᠠᠴᠠ᠂ ᠪᠦᠬᠦ ᠰᠤᠮᠤ ᠢᠶᠠᠷ ᠢᠶᠠᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ | ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠪᠣᠳᠠᠲᠠᠢ | ᠠᠳᠬᠤᠵᠤ᠂ ᠰᠤᠷᠤᠯᠴᠠᠯᠭ᠎ᠠ ᠬᠥᠮᠦᠵᠢᠯ ᠤᠨ ᠡᠭᠦᠷᠭᠡ ᠶᠣᠰᠣᠭᠠᠷ᠂ ᠬᠠᠷᠢᠭᠤᠴᠠᠯᠭ᠎ᠠ ᠶᠢ ᠱᠠᠳᠤ ᠱᠠᠳᠤ ᠪᠠᠷ | ᠨᠠᠶᠢᠳᠠᠪᠤᠷᠢᠵᠢᠭᠤᠯᠵᠤ᠂ ᠲᠦᠷᠦᠯ ᠬᠤᠪᠢᠶᠠᠨ ᠵᠢᠯᠣᠭᠤᠳᠬᠤ ᠪᠠᠨ ᠴᠢᠩᠭᠠᠳᠬᠠᠵᠤ᠂ ᠨᠠᠷᠢᠨ ᠨᠢᠭᠲᠠ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠦᠨᠡᠨ ᠪᠣᠳᠠᠲᠠᠢ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠷ ᠪᠦᠬᠦ | ᠰᠤᠮᠤ ᠶᠢᠨ ᠡᠯ᠎ᠡ ᠵᠦᠢᠯ ᠤᠨ ᠠᠵᠢᠯ ᠤᠨ ᠳᠡᠭᠲᠡᠷ ᠲᠤ ᠭᠠᠷᠴᠤ ᠶᠠᠰᠤ ᠴᠢᠨᠠᠷ ᠦᠷ᠎ᠡ ᠪᠦᠲᠦᠮᠵᠢ ᠤᠯᠬᠤ ᠶᠢ | ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ |