| | 3 ᠰᠠᠷ᠎ᠠ ᠶᠢᠨ 21 ᠤ ᠡᠳᠦᠷ᠂ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠡᠬᠢᠯᠡᠭᠦᠯᠦᠨ | ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ | ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠤ ᠱᠦᠵᠢ ᠬᠤᠷᠠᠯ ᠳᠤ ᠣᠷᠣᠯᠴᠠᠪᠠ᠃ | ᠬᠤᠷᠠᠯ ᠠᠴᠠ 3 ᠰᠠᠷ᠎ᠠ ᠶᠢᠨ 12 ᠤᠨ ᠡᠳᠦᠷ ᠤᠨ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ 3 ᠰᠠᠷ᠎ᠠ ᠶᠢᠨ 14 ᠤ ᠡᠳᠦᠷ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ︽ᠪᠥᠬᠦ ᠬᠤᠰᠢᠭᠤᠨ ᠳᠤ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ︵ | ᠬᠢᠨᠠᠨ ᠵᠥᠪᠯᠡᠬᠦ ᠨᠣᠤᠷᠠᠭ︶︾ ᠶᠢ ᠤᠯᠠᠮᠵᠢᠯᠠᠨ ᠰᠤᠷᠤᠯᠴᠠᠪᠠ᠃ ᠡᠭᠦᠨ ᠤ ᠬᠠᠮᠳᠤ ᠪᠦᠬᠦ ᠪᠠᠯᠭᠠᠰᠤᠨ ᠤ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ | ᠠᠵᠢᠯ ᠳᠤ ᠨᠠᠷᠢᠨ ᠪᠠᠶᠢᠷᠢᠯᠠᠭᠤᠯᠤᠯᠲᠠ ᠬᠢᠵᠡᠢ᠃ | ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠦᠨᠳᠤᠷᠴᠡ ᠪᠠᠨ ᠲᠤᠭᠳᠠᠭᠠᠵᠤ᠂ ᠰᠤᠷᠤᠯᠴᠠᠯᠭ᠎ᠠ | ᠬᠥᠮᠦᠵᠢᠯ ᠤᠨ ᠴᠢᠬᠤᠯᠠ ᠠᠭᠤᠯᠭ᠎ᠠ ᠶᠢ ᠰᠤᠷᠤᠯᠴᠠᠬᠤ ᠬᠡᠷᠡᠭᠲᠡᠢ᠃ ᠲᠦᠪ ᠤᠨ ᠨᠠᠢᠮᠠᠨ ᠲᠤᠭᠳᠠᠭᠠᠯ ᠤᠨ ᠵᠤᠷᠢᠭ | ᠰᠠᠨᠠᠭ᠎ᠠ ᠶᠢ ᠭᠦᠨᠵᠡᠬᠡᠢ ᠲᠤᠭᠤᠰᠢᠯᠠᠭᠤᠯᠬᠤ ᠰᠤᠷᠤᠯᠴᠠᠯᠭ᠎ᠠ ᠬᠦᠮᠤᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ | ᠭᠦᠨᠵᠡᠭᠡᠢ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠰᠤᠷᠤᠯᠴᠠᠯᠭ᠎ᠠ ᠬᠥᠮᠦᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ | ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠢ ᠤᠶᠠᠯᠳᠤᠭᠤᠯᠵᠤ᠂ ᠠᠵᠤ ᠦᠢᠯᠡᠰ ᠤᠨ | ᠬᠥᠭᠵᠢᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠤᠨ ᠬᠥᠭᠵᠢᠯᠲᠡ ᠶᠢᠨ | ᠰᠢᠨ᠎ᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠭᠤᠷᠪᠠ ᠳᠤ᠂ ᠵᠣᠬᠢᠶᠠᠨ ᠪᠠᠶᠢᠭᠤᠯᠵᠤ | ᠲᠠᠶᠢᠴᠢᠯᠡᠨ ᠳᠠᠭᠠᠭᠤᠯᠬᠤ ᠪᠠᠨ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠤᠨ ᠡᠯᠪᠡᠭ ᠪᠠᠶᠠᠯᠢᠭ | ᠪᠠᠶᠢᠬᠤ ᠶᠢ ᠠᠬᠢᠭᠤᠯᠬᠤ ᠬᠡᠷᠡᠭᠳᠡᠢ᠃ ᠪᠦᠬᠦ ᠪᠠᠯᠭᠠᠰᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠲᠠᠷᠤᠶᠢᠬᠠᠨ ᠬᠥᠳᠡᠯᠦᠯᠴᠡᠵᠦ᠂ ᠤᠨᠤᠯ ᠤᠨ ᠰᠤᠷᠤᠯᠴᠠᠯᠭ᠎ᠠ ᠪᠤᠯᠤᠨ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠵᠡᠷᠭᠡ ᠠᠷᠭ᠎ᠠ ᠪᠠᠷ ︽ᠭᠤᠷᠪᠠᠨ ᠬᠤᠷᠠᠯ | ᠨᠢᠭᠡ ᠬᠢᠴᠢᠶᠡᠯ︾ ᠵᠡᠷᠭᠡ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠰᠤᠷᠤᠯᠴᠠᠯᠭ᠎ᠠ ᠶᠢᠨ ᠶᠠᠰᠤ ᠴᠢᠨᠠᠷ ᠢ ᠪᠠᠲᠤᠯᠠᠬᠤ | ᠬᠡᠷᠡᠭᠳᠡᠢ ᠭᠡᠵᠤ ᠴᠢᠬᠤᠯᠠᠴᠢᠯᠠᠵᠠᠢ᠃ |