ᠪᠠᠳᠠᠷᠠᠬᠤ ᠪᠠᠯᠭᠠᠰᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠡᠬᠢᠯᠡᠯᠲᠡ ᠶᠢᠨ ᠬᠤᠷᠠᠯ ᠬᠢᠵᠠᠢ
ᠨᠡᠶᠢᠲᠡᠯᠡᠭᠰᠡᠨ ᠴᠠᠭ᠄
2025/3/25
      3 ᠰᠠᠷ᠎ᠠ ᠶᠢᠨ 21 ᠤ ᠡᠳᠦᠷ᠂ ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠡᠬᠢᠯᠡᠭᠦᠯᠦᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠶ ᠰᠢᠤᠸᠠᠢ ᠵᠢᠶᠦ᠋ᠨ ᠬᠤᠷᠠᠯ ᠡᠷᠭᠢᠯᠡᠪᠡ᠃         ᠬᠤᠷᠠᠯ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠺᠠᠳ᠋ᠷᠴᠤᠳ ᠢ ᠲᠠᠶᠢᠴᠢᠯᠡᠨ ᠵᠢᠯᠣᠭᠤᠳᠴᠤ ᠪᠠᠶᠢᠭᠠᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠲᠤᠭᠤᠰᠢᠯᠠᠭᠤᠯᠵᠤ᠂ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠶ᠃ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠡᠷᠬᠡᠪᠰᠢ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠲᠦᠷᠦᠯ ᠬᠤᠪᠢᠶᠠᠨ ᠵᠢᠯᠣᠭᠤᠳᠬᠤ ᠪᠠᠨ ᠴᠢᠩᠭᠠᠳᠬᠠᠵᠤ᠂ ᠤᠬᠠᠭᠤᠯᠵᠤ ᠵᠢᠯᠣᠭᠤᠳᠬᠤ ᠶᠢ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃     ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ᠂ ᠡᠯ᠎ᠡ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃          
 
ᠢᠷᠡᠯᠲᠡ᠄ ᠪᠠᠳᠠᠷᠠᠬᠤ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号