| ᠦᠨᠳᠦᠰᠦᠨ ᠱᠠᠲᠤᠨ ᠤ ᠠᠷᠠᠳᠴᠢᠯᠠᠯ ᠤᠨ ᠳᠦᠷᠢᠮ ᠤᠨ ᠰᠠᠭᠤᠷᠢ ᠶᠢ ᠪᠠᠬᠢᠵᠢᠭᠦᠯᠵᠦ᠂ ᠠᠷᠠᠳ ᠤᠯᠠᠨ ᠤ | ᠠᠷᠠᠳᠴᠢᠯᠠᠯ ᠤᠨ ᠡᠷᠬᠡ ᠶᠢ ᠭᠦᠢᠴᠡᠳ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 25 ᠤ ᠡᠳᠦᠷ᠂ ᠵᠠᠯᠠᠶᠢᠳ | ᠬᠤᠰᠢᠭᠤᠨ ᠤ ᠲᠡᠮᠡᠭᠡᠴᠢ ᠪᠠᠯᠭᠠᠰᠤ ᠪᠠᠯᠭᠠᠰᠤᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢ ᠨᠥᠬᠦᠵᠦ ᠰᠣᠩᠭᠤᠬᠤ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠪᠡ᠃ | ᠲᠣᠰ ᠤᠳᠠᠭᠠᠨ ᠤ ᠨᠦᠬᠦᠨ ᠰᠤᠩᠭᠤᠯᠳᠠ ᠨᠢ ᠺᠣᠤ ᠱᠠᠨ ᠭᠠᠴᠠᠭᠠᠨ ᠤ ᠠᠷᠪᠠᠨ ᠭᠤᠷᠪᠠᠳᠤᠭᠠᠷ ᠰᠣᠩᠭᠤᠭᠤᠯᠢ ᠶᠢᠨ | ᠲᠣᠭᠤᠷᠢᠭ᠂ ᠱᠤᠸᠠᠩ ᠰᠢᠩ ᠭᠠᠴᠠᠭᠠᠨ ᠤ ᠠᠷᠪᠠ ᠶᠢᠰᠦᠳᠦᠭᠡᠷ ᠰᠣᠩᠭᠤᠭᠤᠯᠢ ᠶᠢᠨ ᠲᠣᠭᠤᠷᠢᠭ᠂ ᠲᠡᠮᠡᠭᠡᠴᠢ | ᠭᠠᠴᠠᠭᠠᠨ ᠤ ᠵᠢᠷᠭᠤᠳᠤᠭᠠᠷ ᠰᠣᠩᠭᠤᠭᠤᠯᠢ ᠶᠢᠨ ᠲᠣᠭᠤᠷᠢᠭ ᠢ ᠬᠠᠮᠤᠷᠴᠤ᠂ ᠨᠡᠶᠢᠲᠡ 1100 ᠭᠠᠷᠤᠶ | ᠰᠣᠩᠭᠤᠭᠤᠯᠢ ᠶᠢᠨ ᠠᠷᠠᠳ ᠬᠠᠤᠯᠢ ᠶᠣᠰᠣᠭᠠᠷ ᠰᠣᠩᠭᠤᠭᠤᠯᠢ ᠶᠢᠨ ᠡᠷᠬᠡ ᠪᠠᠨ ᠬᠡᠷᠡᠭᠵᠢᠭᠦᠯᠵᠦ᠂ ᠪᠠᠯᠭᠠᠰᠤᠨ ᠤ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 3 ᠲᠥᠯᠥᠭᠡᠯᠡᠭᠴᠢ ᠶᠢ ᠠᠮᠵᠢᠯᠲᠠ ᠲᠠᠢ ᠪᠠᠷ | ᠨᠥᠬᠦᠨ ᠰᠣᠩᠭᠤᠵᠤ ᠭᠠᠷᠭᠠᠪᠠ᠃ | ᠲᠣᠰ ᠤᠳᠠᠭᠠᠨ ᠤ ᠨᠥᠬᠦᠨ ᠰᠣᠩᠭᠤᠬᠤ ᠠᠵᠢᠯ ᠨᠢ ︽ᠰᠣᠩᠭᠤᠭᠤᠯᠢ ᠶᠢᠨ ᠬᠠᠤᠯᠢ︾ ᠶᠢᠨ ᠬᠠᠮᠢᠶ᠎ᠠ ᠪᠥᠬᠦᠶ | ᠲᠣᠭᠲᠠᠭᠠᠯ ᠵᠢᠴᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠭᠤᠷᠪᠠᠨ ᠭᠤᠤᠯᠳᠠᠯᠭ᠎ᠠ ᠲᠠᠢ ᠭᠤᠭᠴᠤᠭ᠎ᠠ ᠳᠤ | ᠠᠩᠬᠠᠷᠤᠯ ᠢᠶᠠᠨ ᠲᠥᠪᠯᠡᠷᠡᠭᠦᠯᠦᠨ ᠵᠢᠷᠤᠮᠵᠢᠭᠤᠯᠤᠨ ᠠᠬᠢᠭᠤᠯᠵᠠᠢ᠄ ᠨᠢᠭᠡ ᠳᠤ ︽ᠭᠤᠷᠪᠠ ᠶᠢ ᠨᠡᠮᠡᠭᠳᠡᠭᠦᠯᠵᠦ | ᠭᠤᠷᠪᠠ ᠶᠢ ᠪᠠᠭᠠᠰᠬᠠᠬᠤ︾ ᠵᠠᠷᠴᠢᠮ ᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠵᠤ᠂ ᠡᠯ᠎ᠡ ᠰᠣᠩᠭᠤᠭᠤᠯᠢ ᠶᠢᠨ | ᠲᠣᠭᠤᠷᠢᠭ ᠨᠢ ᠰᠣᠩᠭᠤᠭᠤᠯᠢ ᠶᠢᠨ ᠠᠷᠠᠳ ᠤᠨ ᠬᠢᠷᠢ ᠬᠡᠮ ᠳᠤ ᠬᠥᠳᠡᠯᠦᠩᠭᠦᠶ ᠬᠢᠨᠠᠨ ᠪᠠᠶᠢᠴᠠᠭᠠᠯᠲᠠ ᠬᠢᠵᠦ᠂ | ᠰᠣᠩᠭᠤᠭᠤᠯᠢ ᠶᠢᠨ ᠠᠷᠠᠳ ᠤᠨ ᠳᠡᠩᠰᠡᠯᠡᠯᠲᠡ ᠶᠢᠨ ᠣᠨᠣᠪᠴᠢᠲᠠᠶ ᠪᠠᠶᠢᠬᠤ ᠶᠢ ᠪᠠᠲᠤᠯᠠᠵᠠᠢ᠃ ᠬᠤᠶᠠᠷ ᠲᠤ᠂ | ᠲᠥᠯᠥᠭᠡᠯᠡᠭᠴᠢ ᠶᠢᠨ ᠣᠷᠣᠬᠤ ᠪᠣᠭᠤᠮᠲᠠ ᠶᠢ ᠴᠢᠩᠭ᠎ᠠ ᠠᠳᠬᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠠᠨᠢᠯᠴᠠᠭᠤᠯᠭ᠎ᠠ ᠪᠠᠷ ᠳᠠᠮᠵᠢᠨ ᠵᠢᠱᠢᠭᠳᠡᠭᠰᠡᠳ ᠢ ᠵᠦᠪᠳᠡᠯᠴᠡᠨ ᠰᠣᠩᠭᠤᠨ ᠭᠠᠷᠭᠠᠵᠠᠢ᠃ | ᠭᠤᠷᠪᠠ ᠳᠤ᠂ ︽ᠢᠯᠡ ᠲᠣᠳᠣ᠂ ᠡᠷᠬᠡ ᠲᠡᠭᠰᠢ᠂ ᠲᠥᠪ ᠭᠤᠤᠯᠴᠢ︾ ᠵᠠᠷᠴᠢᠮ ᠢ ᠪᠥᠬᠦ ᠶᠠᠪᠤᠴᠠ ᠳᠤ | ᠲᠤᠭᠤᠰᠢᠯᠠᠭᠤᠯᠵᠤ᠂ ᠬᠠᠤᠯᠢ ᠲᠣᠭᠲᠠᠭᠠᠯ ᠶᠣᠰᠣᠭᠠᠷ ᠰᠣᠩᠭᠤᠭᠤᠯᠢ ᠶᠢᠨ ᠡᠯ᠎ᠡ ᠵᠠᠩᠭᠢᠯᠠᠭ᠎ᠠ ᠶᠢᠨ ᠠᠵᠢᠯ ᠢ ᠰᠠᠶᠢᠳᠤᠷ | ᠥᠷᠨᠢᠭᠦᠯᠵᠠᠢ᠃ |