| | 3 ᠰᠠᠷ᠎ᠠ ᠶᠢᠨ 25 ᠤ ᠡᠳᠦᠷ᠂ ᠵᠠᠯᠠᠶᠢᠳ ᠬᠤᠰᠢᠭᠤᠨ ᠤ ᠢᠨᠳᠡᠷ ᠪᠠᠯᠭᠠᠰᠤ 2025 ᠣᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠬᠤᠷᠠᠯ ᠬᠢᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠰᠥᠩ ᠶᠠ ᠯᠢ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ | ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠠᠯᠪᠠᠨ ᠬᠡᠷ ᠤᠨ ᠬᠠᠷᠢᠭᠤᠴᠠᠯᠭᠠᠲᠠᠨ᠂ ᠡᠯ᠎ᠡ ᠭᠠᠴᠠᠭ᠎ᠠ ᠲᠣᠰᠬᠤᠨ᠂ | ᠨᠡᠶᠢᠭᠡᠮ ᠲᠣᠭᠤᠷᠢᠭ᠂ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ ᠬᠤᠷᠠᠯ ᠳᠤ | ᠣᠷᠣᠯᠴᠠᠵᠠᠶ᠃ | ᠬᠤᠷᠠᠯ ᠠᠴᠠ 3 ᠰᠠᠷ᠎ᠠ ᠶᠢᠨ 12 ᠤᠨ ᠡᠳᠦᠷ ᠤᠨ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ 3 ᠰᠠᠷ᠎ᠠ ᠶᠢᠨ 14 ᠤ ᠡᠳᠦᠷ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ 3 ᠰᠠᠷ᠎ᠠ ᠶᠢᠨ 8 ᠤ ᠡᠳᠦᠷ ᠤᠨ ᠪᠥᠬᠦ ᠬᠤᠰᠢᠭᠤᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ 3 ᠰᠠᠷ᠎ᠠ ᠶᠢᠨ 20 ᠤ ᠡᠳᠦᠷ ᠤᠨ ᠵᠠᠯᠠᠶᠢᠳ | ᠬᠤᠰᠢᠭᠤᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠠᠵᠢᠯ ᠤᠨ | ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠪᠥᠬᠦ ᠪᠠᠯᠭᠠᠰᠤᠨ ᠤ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠠᠵᠢᠯ ᠳᠤ ᠪᠣᠯᠪᠠᠰᠤᠷᠠᠯ ᠬᠢᠪᠡ᠃ | ᠬᠤᠷᠠᠯ ᠠᠴᠠ᠂ ᠨᠢᠭᠡ ᠳᠤ᠂ ᠶᠠᠭᠤᠠ ᠤ ᠲᠣᠭᠤᠷᠢᠨ ᠳᠤ ᠬᠢᠬᠦ ᠶᠢ ᠮᠡᠳᠡᠵᠦ᠂ ︽ᠨᠢᠭᠡ ᠣᠶᠢᠯᠠᠭᠠᠭᠳᠠᠬᠤᠨ︾ ᠢ | ᠲᠣᠳᠣᠷᠬᠠᠶᠢᠯᠠᠵᠤ᠂ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ | ᠬᠤᠶᠠᠷ ᠲᠤ᠂ ᠪᠣᠳᠠᠲᠠᠢ ᠶᠠᠭᠠᠬᠢᠵᠤ ᠬᠢᠬᠦ ᠶᠢ ᠮᠡᠳᠡᠵᠦ᠂ ︽ᠨᠢᠭᠡ ᠬᠥᠯᠭᠡ ᠰᠢᠳᠠᠷ᠎ᠠ︾ ᠶᠢᠨ ᠰᠡᠳᠬᠢᠴᠡ ᠶᠢ ᠪᠤᠢ | ᠪᠣᠯᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠠᠬᠢᠭᠤᠯᠬᠤ ᠬᠡᠷᠡᠭᠲᠡᠢ᠃ ᠭᠤᠷᠪᠠ ᠳᠤ᠂ ᠶᠠᠭᠤ ᠶᠢ | ᠬᠢᠵᠦ ᠪᠣᠯᠬᠤ ᠦᠭᠡᠢ ᠭᠡᠳᠡᠭ ᠢ ᠮᠡᠳᠡᠵᠦ᠂ ︽ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ︾ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠺᠠᠳ᠋ᠷ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠲᠦᠷᠢᠮ ᠲᠣᠭᠲᠠᠭᠠᠯ ᠲᠣᠭᠲᠠᠭᠠᠬᠤ ᠶᠢ ᠴᠢᠬᠤᠯᠠᠴᠢᠯᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ | ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠠᠬᠢᠭᠤᠯᠵᠤ᠂ ᠢᠨᠳᠡᠷ ᠪᠠᠯᠭᠠᠰᠤᠨ ᠤ ᠴᠢᠨᠠᠷ ᠰᠠᠶᠢᠲᠠᠶ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠤ ᠴᠢᠬᠤᠯᠠᠴᠢᠯᠠᠵᠠᠢ᠃ | |