| ᠤᠶᠢᠷ᠎ᠠ ᠳᠤ᠂ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠴᠠᠭ ᠢ ᠠᠮᠵᠢᠨ᠂ ᠡᠷᠳᠡ ᠲᠦᠯᠤᠪᠯᠡᠨ᠂ | ᠤᠷᠢᠳᠠᠪᠠᠷ ᠪᠠᠶᠢᠷᠢᠯᠠᠭᠤᠯᠵᠤ᠂ ᠲᠠᠷᠢᠶᠠᠯᠠᠩ ᠦᠢᠯᠡᠳᠪᠤᠷᠢᠯᠡᠯ ᠤᠨ ᠡᠯ᠎ᠠ ᠲᠦᠷᠤᠯ ᠤᠨ ᠠᠵᠢᠯ ᠢᠶᠠᠨ ᠪᠦᠬᠦ ᠲᠠᠯ᠎ᠠ ᠪᠠᠷ | ᠡᠬᠢᠯᠡᠬᠦᠯᠪᠠ᠃ | ᠪᠤᠯᠭᠠᠨᠬᠤᠸᠠ ᠰᠤᠮᠤ ᠶᠢᠨ ᠨᠠᠵᠢᠨ ᠭᠠᠴᠠᠭᠠᠨ ᠤ ᠲᠠᠷᠢᠶᠠᠨ ᠭᠠᠵᠠᠷ ᠲᠤ ᠪᠤᠷᠳᠤᠭᠤᠷ ᠰᠠᠴᠤᠬᠤ ᠮᠠᠰᠢᠨ ᠨᠠᠭᠠᠰᠢ | ᠴᠠᠭᠠᠰᠢ ᠰᠦᠯᠵᠢᠯᠳᠤᠨ᠂ ᠤᠷᠭᠠᠨᠢᠭ ᠪᠤᠷᠳᠤᠭᠤᠷ ᠢᠶᠠᠨ ᠬᠠᠷ᠎ᠠ ᠬᠦᠷᠤᠰᠤᠨ ᠳᠤ ᠰᠠᠴᠤᠵᠤ᠂ ᠬᠠᠷ᠎ᠠ ᠬᠦᠷᠤᠰᠤ ᠶᠢᠨ | ᠰᠢᠮ᠎ᠠ ᠲᠡᠵᠢᠭᠡᠯ ᠢ ᠨᠡᠮᠡᠭᠳᠡᠬᠦᠯᠤᠨ᠂ ᠲᠠᠷᠠᠭᠠᠴᠢ ᠶᠢᠨ ᠲᠠᠷᠢᠶ᠎ᠠ ᠲᠠᠷᠢᠬᠤ ᠳᠠᠭᠠᠨ ᠪᠡᠯᠡᠳᠭᠡᠨ᠎ᠠ᠃ ᠨᠠᠵᠢᠨ ᠭᠠᠴᠠᠭ᠎ᠠ | ᠡ᠊ᠨᠠ ᠵᠢᠯ ᠪᠤᠯᠭᠠᠨᠬᠤᠸᠠ ᠰᠤᠮᠤᠨ ᠤ ᠵᠡᠬᠦᠨ ᠬᠤᠶᠢᠳᠤ ᠶᠢᠨ ᠬᠠᠷ᠎ᠠ ᠬᠦᠷᠤᠰᠤ ᠶᠢ ᠬᠠᠮᠠᠭᠠᠯᠠᠨ ᠠᠰᠢᠭᠯᠠᠬᠤ ᠵᠢᠱᠢᠶᠡᠴᠢ | ᠤᠷᠤᠨ ᠤ ᠪᠦᠳᠤᠭᠡᠨ ᠪᠠᠶᠢᠭᠤᠯᠤᠯᠳᠠ ᠶᠢᠨ ᠲᠦᠷᠤᠯ ᠵᠦᠢᠯ ᠢ ᠲᠠᠭᠠᠭᠠᠴᠢᠯᠠᠨ ᠠᠪᠴᠤ᠂ ᠬᠡᠪᠴᠢᠶ᠎ᠠ ᠨᠢ 1500 ᠮᠤ᠋ | ᠬᠦᠷᠴᠤ᠂ ᠲᠤᠰ ᠲᠦᠷᠤᠯ ᠵᠦᠢᠯ ᠨᠢ 50 ᠭᠠᠷᠤᠢ ᠡᠷᠤᠬᠡ ᠳᠤ ᠦᠨᠡᠨᠬᠦ ᠠᠰᠢᠭ ᠬᠦᠷᠳᠡᠭᠡᠬᠦ ᠪᠤᠯᠤᠨ᠎ᠠ᠃ | ︽ᠰᠢᠬᠡᠭ ᠪᠤᠷᠳᠤᠭᠤᠷ ᠢ ᠰᠢᠨᠵᠢᠯᠡᠬᠦ ᠤᠬᠠᠭᠠᠨᠴᠢ ᠪᠠᠷ ᠰᠠᠴᠤᠬᠤ ᠨᠢ ᠭᠠᠵᠠᠷ ᠰᠢᠷᠤᠢ ᠶᠢᠨ ᠶᠠᠰᠤ ᠴᠢᠨᠠᠷ ᠢ | ᠲᠡᠭᠡᠭᠰᠢᠯᠡᠬᠦᠯᠥᠭᠰᠡᠨ ᠢᠶᠠᠷ ᠪᠠᠷᠠᠬᠤ ᠦᠭᠡᠢ ᠬᠢᠮᠢ ᠶᠢᠨ ᠪᠤᠷᠳᠤᠭᠤᠷ ᠤᠨ ᠬᠡᠷᠡᠭᠯᠡᠯᠳᠠ ᠶᠢ ᠪᠠᠭᠠᠰᠬᠠᠨ᠂ ᠤᠯᠠᠨ | ᠲᠦᠮᠡᠨ ᠳᠤ ᠦᠨᠡᠨ ᠪᠤᠳᠠᠳᠠᠢ ᠦᠷ᠎ᠠ ᠠᠰᠢᠭ ᠢ ᠡᠳ᠋ᠯᠡᠬᠦᠯᠵᠤ᠂ ᠤᠨᠠᠯᠳᠠ ᠶᠢ ᠨᠡᠮᠡᠭᠳᠡᠬᠦᠯᠵᠤ ᠴᠢᠳᠠᠨ᠎ᠠ︾ ᠭᠡᠵᠤ | ᠨᠠᠵᠢᠨ ᠭᠠᠴᠠᠭᠠᠨ ᠤ ᠨᠠᠮ ᠤᠨ ᠡᠬᠦᠷ ᠤᠨ ᠱᠦᠵᠢ ᠪᠠᠢ ᠰᠢᠶᠤᠤ ᠴᠢᠥ ᠶᠠᠷᠢᠨ᠎ᠠ᠃ | ᠲᠦᠷᠤᠯ ᠵᠦᠢᠯ ᠤᠨ ᠤᠷᠤᠨ ᠳᠤ ᠶᠡᠭᠡ ᠬᠡᠪᠴᠢᠶ᠎ᠠ ᠪᠠᠷ ᠰᠢᠬᠡᠭ ᠪᠤᠷᠳᠤᠭᠤᠷ ᠰᠠᠴᠤᠬᠤ ᠠᠴᠠ ᠭᠠᠳᠠᠨ᠎ᠠ | ᠪᠤᠰᠤᠳ ᠲᠠᠷᠢᠶᠠᠴᠢᠨ ᠡᠷᠤᠬᠡ ᠰᠢᠬᠡᠭ ᠪᠤᠷᠳᠤᠭᠤᠷ ᠤᠨ ᠲᠠᠷᠢᠶᠠᠨ ᠭᠠᠵᠠᠷ ᠪᠠ ᠲᠠᠷᠢᠮᠠᠯ ᠳᠤ ᠠᠰᠢᠭᠳᠠᠢ ᠪᠠᠶᠢᠬᠤ ᠶᠢ | ᠮᠡᠳᠡᠭᠡᠳ᠂ ᠤᠯᠠᠨ ᠢᠶᠠᠷ ᠢᠶᠠᠨ ᠲᠠᠷᠤᠢ ᠲᠦᠷᠭᠡᠨ ᠬᠦᠳᠡᠯᠤᠯᠴᠠᠯᠠ᠃ ︽ᠪᠢ 200 ᠮᠤ᠋ ᠲᠠᠷᠢᠶ᠎ᠠ ᠲᠠᠷᠢᠵᠤ᠂ ᠡ᠊ᠨᠠ | ᠵᠢᠯ ᠬᠤᠶᠠᠳᠤᠭᠠᠷ ᠵᠢᠯ ᠰᠢᠬᠡᠭ ᠪᠤᠷᠳᠤᠭᠤᠷ ᠢ ᠬᠡᠷᠡᠭᠯᠡᠵᠤ᠂ ᠤᠳᠤ ᠨᠢᠭᠡ ᠰᠠᠷ᠎ᠠ ᠤᠨ ᠲᠠᠷᠠᠭ᠎ᠠ ᠲᠠᠷᠢᠶ᠎ᠠ ᠲᠠᠷᠢᠬᠤ ᠪᠠᠷ | ᠬᠦᠯᠢᠶᠡᠵᠤ ᠪᠤᠢ︾ ᠭᠡᠵᠤ ᠨᠠᠵᠢᠨ ᠭᠠᠴᠠᠭᠠᠨ ᠤ ᠠᠷᠠᠳ ᠭᠤᠥ ᠬᠦᠸᠧ ᠯᠢᠨ ᠶᠠᠷᠢᠨ᠎ᠠ᠃ | ᠤᠶᠢᠷ᠎ᠠ ᠶᠢᠨ ᠬᠡᠳᠤᠨ ᠡᠳᠤᠷ᠂ ᠪᠤᠯᠭᠠᠨᠬᠤᠸᠠ ᠰᠤᠮᠤ ᠶᠢᠨ ᠡᠯ᠎ᠠ ᠲᠠᠷᠢᠶᠠᠯᠠᠩ ᠤᠨ ᠡᠳ᠋ ᠪᠠᠷᠠᠭ᠎ᠠ᠂ | ᠲᠠᠷᠢᠶᠠᠯᠠᠩ ᠤᠨ ᠮᠠᠰᠢᠨ ᠬᠤᠳᠠᠯᠳᠤᠵᠤ ᠪᠠᠶᠢᠭ᠎ᠠ ᠲᠡᠯᠭᠡᠬᠦᠷ ᠬᠦᠷ ᠬᠦᠭᠵᠢᠶᠡᠨᠳᠠᠢ ᠪᠤᠯᠤᠯ᠎ᠠ᠃ ᠰᠠᠨ ᠡᡁᠧ | ᠭᠠᠴᠠᠭᠠᠨ ᠤ ᠪᠠᠢ ᠯᠢ ᠰᠢᠶᠠ ᠭᠡᠷ ᠤᠨ ᠬᠦᠮᠤᠰ ᠲᠠᠢ ᠪᠠᠨ ᠰᠢᠨ᠎ᠠ ᠬᠡᠯᠪᠡᠷᠢ ᠶᠢᠨ ᠡᠷᠳᠡᠨᠢ ᠰᠢᠰᠢ ᠲᠠᠷᠢᠬᠤ ᠮᠠᠰᠢᠨ | ᠰᠤᠩᠭᠤᠵᠤ᠂ ᠲᠠᠷᠠᠭᠠᠴᠢ ᠶᠢᠨ ᠲᠠᠷᠢᠶ᠎ᠠ ᠲᠠᠷᠢᠬᠤ ᠠᠵᠢᠯ ᠳᠠᠭᠠᠨ ᠪᠡᠯᠡᠳᠭᠡᠨ᠎ᠠ᠃ | ᠡᠨᠡ ᠵᠢᠯ᠂ ᠪᠤᠯᠭᠠᠨᠬᠤᠸᠠ ᠰᠤᠮᠤ ︽ᠲᠠᠷᠢᠶᠠᠯᠠᠩ ᠤᠨ ᠲᠠᠯᠠᠪᠠᠢ ᠶᠢ ᠲᠤᠭᠳᠠᠪᠤᠷᠢᠵᠢᠭᠤᠯᠬᠤ᠂ ᠤᠨᠠᠯᠳᠠ ᠶᠢ | ᠨᠡᠮᠡᠭᠳᠡᠬᠦᠯᠬᠦ᠂ ᠦᠷ᠎ᠠ ᠠᠰᠢᠭ ᠢ ᠲᠡᠭᠡᠭᠰᠢᠯᠡᠬᠦᠯᠬᠦ︾ ᠬᠠᠷᠠᠯᠳᠠ ᠶᠢᠨ ᠲᠤᠭᠤᠷᠢᠨ ᠳᠤ᠂ ᠲᠠᠷᠢᠶᠠᠯᠠᠩ ᠤᠨ ᠰᠠᠭᠤᠷᠢ | ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠪᠠ ᠲᠠᠷᠢᠶᠠᠯᠠᠩ ᠤᠨ ᠦᠢᠯᠡᠳᠪᠤᠷᠢᠯᠠᠯ ᠤᠨ ᠮᠡᠷᠭᠡᠵᠢᠯ ᠢ ᠬᠦᠴᠤᠯᠡᠨ | ᠲᠡᠭᠡᠭᠰᠢᠯᠡᠬᠦᠯᠤᠨ᠂ ᠪᠦᠬᠦ ᠤᠷᠤᠨ ᠲᠤᠭᠤᠷᠢᠭ ᠤᠨ ᠬᠡᠪᠴᠢᠶᠡᠨ ᠳᠤ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤᠨ | ᠲᠦᠷᠤᠯ ᠵᠦᠢᠯ ᠢ 18.85 ᠲᠦᠮᠡᠨ ᠮᠤ᠋ ᠪᠠᠶᠢᠭᠤᠯᠵᠤ᠂ ᠵᠡᠬᠦᠨ ᠬᠤᠶᠢᠳᠤ ᠶᠢᠨ ᠬᠠᠷ᠎ᠠ ᠬᠦᠷᠤᠰᠤ ᠶᠢ ᠬᠠᠮᠠᠭᠠᠯᠠᠨ | ᠠᠰᠢᠭᠯᠠᠬᠤ ᠲᠦᠷᠤᠯ ᠵᠦᠢᠯ ᠢ 6 ᠲᠦᠮᠡᠨ ᠮᠤ᠋ ᠬᠡᠷᠡᠭᠵᠢᠬᠦᠯᠤᠨ᠂ ᠡᠬᠦᠨ ᠳᠤ᠂ ᠵᠢᠱᠢᠶᠡᠴᠢ ᠤᠷᠤᠨ ᠲᠤᠭᠤᠷᠢᠭ ᠤᠨ | ᠲᠦᠷᠤᠯ ᠵᠦᠢᠯ ᠨᠢ 1500 ᠮᠤ᠋ ᠪᠤᠢ᠃ | ︽ᠲᠠᠷᠠᠭᠠᠴᠢ ᠶᠢᠨ ᠠᠯᠬᠤᠮ ᠳᠤ ᠲᠠᠷᠢᠶᠠᠴᠢᠨ ᠳᠤ ᠰᠢᠨᠵᠢᠯᠡᠬᠦ ᠤᠬᠠᠭᠠᠨᠴᠢ ᠪᠠᠷ ᠦᠷ᠎ᠠ ᠰᠤᠩᠭᠤᠬᠤ ᠶᠢ ᠵᠢᠭᠠᠨ | ᠵᠢᠯᠤᠭᠤᠳᠴᠤ᠂ ᠲᠦᠷᠢᠮᠵᠢᠬᠦᠨ ᠢᠶᠠᠷ ᠪᠤᠷᠳᠤᠭᠤᠷ ᠬᠡᠷᠡᠭᠯᠡᠬᠦ ᠵᠢᠴᠢ ᠡᠪᠡᠳᠴᠢᠨ ᠬᠤᠷᠤᠬᠠᠢ ᠶᠢ ᠰᠡᠷᠭᠡᠶᠢᠯᠡᠨ ᠵᠠᠰᠠᠵᠤ᠂ | ᠲᠠᠷᠢᠶᠠᠴᠢᠳ ᠤᠨ ᠲᠠᠷᠢᠶᠠᠨ ᠳᠠᠬᠢ ᠬᠠᠮᠢᠶᠠᠷᠤᠯᠳᠠ ᠶᠢᠨ ᠴᠢᠳᠠᠪᠬᠢ ᠶᠢ ᠪᠦᠬᠦ ᠲᠠᠯ᠎ᠠ ᠪᠠᠷ ᠲᠡᠭᠡᠭᠰᠢᠯᠡᠬᠦᠯᠤᠨ᠂ | ᠤᠨᠠᠯᠳᠠ ᠶᠢ ᠨᠡᠮᠡᠭᠳᠡᠬᠦᠯᠤᠨ ᠡᠯᠪᠡᠭ ᠬᠤᠷᠢᠶᠠᠯᠳᠠ ᠤᠯᠬᠤ ᠳᠤ ᠬᠦᠴᠤᠯᠡᠨᠠ︾ ᠭᠡᠵᠤ ᠪᠤᠯᠭᠠᠨᠬᠤᠸᠠ ᠰᠤᠮᠤ ᠶᠢᠨ | ᠨᠠᠮ ᠤᠨ ᠬᠤᠷᠢᠶᠠᠨ ᠤ ᠨᠢᠭᠡᠳᠤᠮᠠᠯ ᠹᠷᠤᠨᠲ ᠤᠨ ᠭᠡᠰᠢᠬᠦᠨ ᠵᠤᠷᠢᠭᠳᠤ ᠶᠠᠷᠢᠵᠠᠢ᠃ | ︵ᠽᠢ ᠯᠦᠩ ᠤᠶᠤᠨᠳᠠᠨ᠎ᠠ︶ |