| | ᠣᠳᠣ ᠪᠣᠯ ᠶᠠᠭ ᠬᠠᠪᠤᠷ ᠤᠨ ᠲᠥᠯ ᠲᠤᠰᠴᠤ ᠪᠤᠶᠢᠵᠢᠭᠤᠯᠬᠤ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠂ | ᠵᠠᠯᠠᠶᠢᠳ ᠬᠤᠰᠢᠭᠤᠨ ᠤ ᠠᠯᠳᠠᠷᠳᠤ ᠰᠤᠮᠤ ᠶᠢᠨ ᠲᠡᠵᠢᠭᠡᠨ ᠦᠷᠡᠵᠢᠭᠦᠯᠬᠦ ᠡᠷᠦᠬᠡ ᠶᠢᠨ ᠬᠢᠨ ᠤᠷᠢᠬᠠᠨ ᠬᠠᠪᠤᠷ ᠤᠨ | ᠰᠠᠶᠢᠬᠠᠨ ᠤᠯᠠᠷᠢᠯ ᠳᠤ ᠲᠦᠯ ᠲᠤᠰᠬᠤ ᠠᠵᠢᠯ ᠢᠶᠠᠨ ᠤᠷᠤᠭᠰᠢᠳᠠᠢ ᠶᠠᠪᠤᠭᠳᠠᠭᠤᠯᠤᠨ᠎ᠠ᠃ | ᠤᠶᠢᠷ᠎ᠠ ᠳᠤ᠂ ᠵᠠᠯᠠᠶᠢᠳ ᠬᠤᠰᠢᠭᠤᠨ ᠤ ᠠᠯᠳᠠᠷᠲᠤ ᠰᠤᠮᠤ ᠶᠢᠨ ᠪᠠᠶ᠋ᠬᠠᠤᠷᠤᠢ ᠭᠠᠴᠠᠭᠠᠨ ᠤ ᠠᠷᠠᠳ ᠸᠠᠩ | ᠵᠢᠷᠤᠮᠳᠤ ᠶᠢᠨ ᠬᠤᠨᠢᠨ ᠤ ᠬᠠᠰᠢᠶᠠᠨ ᠳᠤ ᠬᠤᠷᠠᠭ᠎ᠠ ᠢᠰᠢᠭᠡ ᠤᠳ ᠮᠠᠶᠢᠯᠠᠯᠳᠤᠨ ᠲᠤᠭᠯᠠᠵᠤ ᠪᠠᠶᠢᠯ᠎ᠠ᠃ ᠸᠠᠩ | ᠵᠢᠷᠤᠮᠲᠤ᠂ ᠭᠠᠴᠠᠭᠠᠨ ᠤ ᠬᠤᠨᠢ ᠲᠡᠵᠢᠭᠡᠬᠦ ᠲᠣᠮᠣ ᠡᠷᠦᠬᠡ ᠪᠣᠯᠤᠭᠰᠠᠨ ᠤ ᠬᠤᠪᠢ ᠳᠤ᠂ ᠠᠯᠢ ᠡᠷᠲᠡ ᠵᠢᠷᠭᠤᠭᠠᠨ | ᠵᠢᠯ ᠤᠨ ᠡᠮᠦᠨ᠎ᠡ ᠬᠤᠨᠢᠨ ᠰᠦᠷᠦᠭ ᠢᠶᠠᠨ ᠪᠦᠬᠦᠨ ᠢ ᠴᠢᠨᠠᠷ ᠰᠠᠶᠢᠲᠠᠶ ᠰᠠᠹᠣᠺ ᠬᠤᠨᠢ ᠪᠣᠯᠭᠠᠨ ᠰᠠᠶᠢᠵᠢᠷᠠᠭᠤᠯᠤᠭᠰᠠᠨ | ᠪᠦᠭᠡᠳ ᠭᠠᠷ ᠭᠡᠭᠡᠯᠳᠤᠬᠦᠯᠭᠡ ᠬᠢᠬᠦ ᠮᠡᠷᠭᠡᠵᠢᠯ ᠢᠶᠠᠷ ᠳᠠᠮᠵᠢᠨ᠂ ᠲᠥᠯ ᠲᠤᠰᠬᠤ ᠬᠤᠭᠤᠴᠠᠭ᠎ᠠ ᠶᠢ ᠠᠭᠤᠷ ᠠᠮᠢᠰᠬᠤᠯ | ᠲᠤᠯᠠᠭᠠᠷᠠᠵᠤ ᠪᠠᠶᠢᠭ᠎ᠠ ᠭᠤᠷᠪᠠᠳᠤᠭᠠᠷ ᠰᠠᠷ᠎ᠠ ᠳᠤ ᠣᠨᠣᠪᠴᠢᠲᠠᠶ ᠬᠢᠵᠠᠭᠠᠷᠯᠠᠵᠤ᠂ ᠠᠷᠠᠴᠢᠯᠠᠨ ᠲᠡᠵᠢᠭᠡᠬᠦ ᠬᠦᠴᠢᠷᠳᠡᠯ | ᠢᠶᠠᠨ ᠪᠠᠭᠤᠷᠠᠭᠤᠯᠤᠭᠰᠠᠨ ᠮᠥᠷᠲᠡᠭᠡᠨ ᠪᠠᠰᠠ ᠬᠤᠷᠠᠭ᠎ᠠ ᠢᠰᠢᠭᠡ ᠶᠢᠨ ᠡᠳᠡᠭᠡᠷᠡᠯᠲᠡ ᠶᠢᠨ ᠨᠣᠷᠮ᠎ᠠ ᠶᠢ | ᠳᠡᠭᠡᠭᠰᠢᠯᠡᠭᠦᠯᠦᠭᠰᠡᠨ ᠪᠠᠶᠢᠨ᠎ᠠ᠃ | ᠲᠡᠭᠦᠨ ᠤ ᠳᠠᠭᠠᠭᠤᠯᠭ᠎ᠠ ᠳᠣᠣᠷ᠎ᠠ᠂ ᠡᠷᠬᠢᠨ ᠲᠣᠭᠤᠷᠢᠨ ᠤ ᠲᠡᠵᠢᠭᠡᠨ ᠦᠷᠡᠵᠢᠭᠦᠯᠬᠦ ᠡᠷᠦᠬᠡ ᠴᠦ ᠬᠤᠨᠢᠨ ᠤ | ᠡᠭᠦᠯᠳᠡᠷ ᠰᠠᠶᠢᠵᠢᠷᠠᠭᠤᠯᠬᠤ ᠡᠩᠨᠡᠭᠡᠨ ᠳᠤ ᠣᠷᠣᠵᠤ᠂ ᠸᠠᠩ ᠵᠢᠷᠤᠮᠳᠤ ᠲᠠᠢ ᠨᠢᠭᠡ ᠯᠡ ᠭᠠᠴᠠᠭᠠᠨ ᠤ ᠸᠠᠩ ᠢᠦᠢ ᠵᠦ | ᠪᠣᠯ ᠳᠠᠷᠤᠢ ᠡᠭᠦᠨ ᠤ ᠳᠣᠲᠣᠷᠠᠬᠢ ᠨᠢᠭᠡ ᠨᠢ ᠪᠣᠯᠤᠨ᠎ᠠ᠃ ᠸᠠᠩ ᠵᠢᠷᠤᠮᠲᠤ ᠶᠢᠨ ᠳᠠᠭᠠᠭᠤᠯᠭ᠎ᠠ ᠪᠠᠷ ᠲᠡᠷᠡ ᠪᠠᠰᠠ | ᠡᠭᠦᠯᠳᠡᠷ ᠰᠠᠶᠢᠵᠢᠷᠠᠭᠤᠯᠬᠤ ᠵᠠᠮ ᠢᠶᠠᠷ ᠵᠠᠮᠨᠠᠵᠤ᠂ ᠬᠠᠰᠢᠶᠠᠯᠠᠨ ᠲᠡᠵᠢᠭᠡᠨ ᠦᠷᠡᠵᠢᠭᠦᠯᠬᠦ ᠠᠵᠢᠯ ᠢ ᠬᠥᠭᠵᠢᠭᠦᠯᠪᠡ᠃ | ᠣᠶᠢᠷ᠎ᠠ ᠶᠢᠨ ᠵᠢᠯ ᠳᠤ᠂ ᠠᠯᠳᠠᠷᠲᠣ ᠰᠤᠮᠤ ᠡᠭᠦᠯᠳᠡᠷ ᠰᠠᠶᠢᠵᠢᠷᠠᠭᠤᠯᠬᠤ᠂ ᠬᠠᠰᠢᠶᠠᠯᠠᠨ ᠲᠡᠵᠢᠭᠡᠨ ᠦᠷᠡᠵᠢᠭᠦᠯᠬᠦ | ᠪᠠ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠷ ᠳᠠᠮᠵᠢᠭᠤᠯᠤᠨ᠂ ᠲᠦᠯ ᠲᠤᠰᠴᠤ ᠪᠤᠶᠢᠵᠢᠭᠤᠯᠬᠤ | ᠤᠨᠳᠤᠷᠤᠯᠲᠠ ᠶᠢᠨ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠦ᠂ ᠮᠠᠯ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠬᠦᠴᠦᠲᠡᠶ | ᠪᠠᠲᠤᠯᠠᠭ᠎ᠠ ᠬᠠᠩᠭᠠᠭᠰᠠᠨ ᠪᠠᠶᠢᠨ᠎ᠠ᠃ ᠣᠳᠣ ᠪᠣᠯᠲᠠᠯ᠎ᠠ᠂ ᠠᠯᠳᠠᠷᠲᠣ ᠰᠤᠮᠤ ᠳᠤ 12.5 ᠲᠦᠮᠡᠨ ᠬᠤᠨᠢ ᠪᠠᠶᠢᠵᠤ᠂ | ᠡᠨᠡ ᠵᠢᠯ ᠵᠢᠱᠢᠯᠲᠡ ᠪᠠᠷ 9 ~ 10 ᠲᠦᠮᠡᠨ ᠲᠦᠯ ᠲᠤᠰᠴᠤ᠂ ᠣᠳᠣ ᠨᠢᠭᠡᠨᠳᠡ 6.5 ᠲᠦᠮᠡᠨ ᠲᠦᠯ | ᠲᠤᠰᠤᠭᠠᠳ ᠪᠤᠢ᠃ |